​ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠠᠵᠢᠯ ᠤᠨ ᠳᠠᠭᠠᠳᠬᠠᠯ ᠤᠨ ᠬᠠᠷᠠᠭᠠᠯᠵᠠᠯ ᠤᠨ  ᠪᠠᠷᠢᠮᠵᠢᠶ᠎ᠠ ᠳᠤ ᠲᠣᠬᠢᠷᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2023/7/10
      ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 7 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠪᠡ᠃     ᠣᠶᠢᠯᠠᠭᠠᠭᠰᠠᠨ ᠢᠶᠠᠷ᠂ ᠡᠮᠨᠡᠯᠭᠡ ᠳᠤ ᠰᠠᠭᠤᠭᠰᠠᠨ ᠡᠮ ᠡᠮᠨᠡᠯᠬᠡ ᠶᠢᠨ ᠵᠠᠷᠤᠳᠠᠯ ᠤᠨ ᠲᠠᠯ᠎ᠠ ᠪᠠᠷ᠂ ᠤᠤᠯ ᠤᠨ ᠬᠡᠪ ᠤᠨ ᠬᠥᠩᠭᠡᠵᠢᠯᠲᠡ ᠶᠢᠨ ᠵᠠᠷᠤᠳᠠᠯ 3000 ᠲᠥᠭᠦᠷᠢᠭ᠂ ᠮᠡᠰᠡ ᠵᠠᠰᠠᠯ ᠬᠢᠵᠦ ᠬᠥᠩᠭᠡᠵᠢᠭᠦᠯᠬᠦ ᠵᠠᠷᠤᠳᠠᠯ 5000 ᠲᠥᠭᠦᠷᠢᠭ ᠵᠢᠴᠢ ᠤᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ᠂ ᠦᠷᠡᠵᠢᠯ ᠢ ᠵᠣᠭᠰᠣᠭᠠᠬᠤ ᠵᠠᠷᠤᠳᠠᠯ 800 — 1500 ᠲᠥᠭᠦᠷᠢᠭ ᠤᠨ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠤᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ ᠪᠤᠶᠤ ᠦᠷᠡᠵᠢᠯ ᠢ ᠵᠣᠭᠰᠣᠭᠠᠬᠤ ᠮᠡᠰᠡ ᠵᠠᠰᠠᠯ ᠬᠢᠭᠰᠡᠨ ᠠᠴᠠ ᠪᠣᠯᠵᠤ ᠡᠭᠦᠰᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠡᠮᠨᠡᠯᠭᠡ ᠳᠤ ᠰᠠᠭᠤᠭᠰᠠᠨ ᠡᠮᠴᠢᠯᠡᠬᠡᠨ ᠤ ᠵᠠᠷᠤᠳᠠᠯ ᠢ ᠦᠨᠲᠤᠰᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠶ ᠪᠠᠶᠢᠲᠠᠯ ᠢ ᠦᠨᠲᠤᠰᠤᠯᠠᠨ ᠲᠤᠰᠢᠶᠠᠨ᠎ᠠ᠃ ᠡᠭᠦᠳᠡᠨ ᠡᠮᠨᠡᠯᠭᠡ ᠶᠢᠨ ᠬᠥᠩᠭᠡᠵᠢᠯᠳᠠ ᠶᠢᠨ ᠪᠠᠶᠢᠴᠠᠭᠠᠯᠲᠠ ᠶᠢᠨ ᠡᠮ ᠡᠮᠨᠡᠯᠬᠡ ᠶᠢᠨ ᠵᠠᠷᠤᠳᠠᠯ ᠤᠨ ᠲᠠᠯ᠎ᠠ ᠪᠠᠷ᠂ ᠤᠤᠯ ᠤᠨ 1000 ᠲᠥᠭᠦᠷᠢᠭ ᠤᠨ ᠳᠡᠭᠡᠷ᠎ᠡ ᠬᠢᠵᠠᠭᠠᠷ ᠢ ᠬᠦᠴᠤᠨ ᠦᠬᠡᠢ ᠪᠤᠯᠭᠠᠵᠤ᠂ ᠡᠮᠡᠭᠲᠡᠶ ᠠᠵᠢᠯᠲᠠᠨ ᠠᠵᠢᠯᠴᠢᠨ ᠤ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭᠠᠨ ᠳᠤ ᠡᠭᠦᠰᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠬᠦ ᠡᠭᠦᠳᠡᠨ ᠡᠮᠨᠡᠯᠭᠡ ᠶᠢᠨ ᠬᠥᠩᠭᠡᠵᠢᠯᠳᠡ ᠶᠢᠨ ᠪᠠᠶᠢᠴᠠᠭᠠᠯᠲᠠ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠶ ᠪᠠᠶᠢᠳᠠᠯ ᠢ ᠦᠨᠳᠦᠰᠦᠯᠡᠨ ᠲᠤᠰᠢᠶᠠᠨ᠎ᠠ᠃ ᠡᠭᠦᠳᠡᠨ ᠡᠮᠨᠡᠯᠭᠡ ᠶᠢᠨ ᠤᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ᠂ ᠦᠷᠡᠵᠢᠯ ᠢ ᠵᠣᠭᠰᠣᠭᠠᠬᠤ ᠮᠡᠰᠡ ᠵᠠᠰᠠᠯ ᠤᠨ ᠡᠮ ᠡᠮᠨᠡᠯᠬᠡ ᠶᠢᠨ ᠵᠠᠷᠤᠳᠠᠯ ᠤᠨ ᠲᠠᠯ᠎ᠠ ᠪᠠᠷ᠂ ᠤᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ ᠮᠡᠰᠡ ᠵᠠᠰᠠᠯ ᠤᠨ ᠲᠦᠯᠤᠬᠦ ᠳᠡᠭᠡᠷ᠎ᠡ ᠬᠢᠵᠠᠭᠠᠷ ᠢ 2000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠦᠷᠡᠵᠢᠯ ᠢ ᠵᠣᠭᠰᠣᠭᠠᠬᠤ ᠮᠡᠰᠡ ᠵᠠᠰᠠᠯ ᠤᠨ ᠲᠤᠰᠢᠶᠠᠬᠤ ᠳᠡᠭᠡᠷ᠎ᠡ ᠬᠢᠵᠠᠭᠠᠷ ᠢ 2500 ᠲᠥᠭᠦᠷᠢᠭ ᠪᠤᠯᠭᠠᠨ ᠳᠡᠭᠡᠭᠰᠢᠯᠡᠭᠦᠯᠵᠦ᠂ ᠬᠢᠵᠠᠭᠠᠷᠯᠠᠭᠰᠠᠨ ᠲᠣᠭᠠᠨ ᠤ ᠳᠣᠲᠣᠷ᠎ᠠ ᠪᠣᠳᠠᠲᠠᠶ ᠪᠠᠶᠢᠳᠠᠯ ᠢ ᠦᠨᠳᠦᠰᠦᠯᠡᠨ ᠲᠤᠰᠢᠶᠠᠨ᠎ᠠ᠃   
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ