95120 ᠲᠤᠰᠬᠠᠶ ᠨᠣᠮᠧᠷ ᠢ ᠡᠬᠢᠯᠡᠨ ᠬᠡᠷᠡᠭᠯᠡᠪᠡ︕
ᠨᠡᠶᠢᠲᠡᠯᠡᠭᠰᠡᠨ ᠴᠠᠭ᠄
2023/7/12
      ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ  ᠲᠣᠪᠴᠢᠶ᠎ᠠ ᠶᠢᠨ ᠬᠢᠨ 95120  ᠨᠣᠮᠧᠷ ᠢ ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠰᠤ ᠶᠢᠨ ᠬᠠᠯᠳᠠᠪᠤᠷᠢᠲᠤ ᠡᠪᠡᠳᠴᠢᠨ ᠤ ᠪᠠᠶᠢᠴᠠᠭᠠᠯᠳᠠ ᠶᠢᠨ ᠲᠤᠰᠬᠠᠶ ᠨᠣᠮᠧᠷ ᠪᠤᠯᠭᠠᠨ ᠡᠬᠢᠯᠡᠨ ᠬᠡᠷᠡᠭᠯᠡᠪᠡ᠃         ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ  ᠲᠣᠪᠴᠢᠶ᠎ᠠ ᠠᠵᠤ  ᠦᠢᠯᠡᠳᠪᠦᠷᠢ  ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ 95120 ᠣᠬᠤᠷ ᠨᠣᠮᠧᠷ ᠢ ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ‌ᠡᠵᠡᠮᠳᠡᠬᠦ ᠤᠳᠠᠰᠤ ᠶᠢᠨ ᠬᠠᠯᠳᠠᠪᠤᠷᠢᠲᠤ ᠡᠪᠡᠳᠴᠢᠨ ᠤ ᠪᠠᠶᠢᠴᠠᠭᠠᠯᠳᠠ ᠶᠢᠨ ᠲᠤᠰᠬᠠᠶ ᠨᠣᠮᠧᠷ ᠪᠣᠯᠭᠠᠬᠤ ᠪᠠᠷ ᠲᠣᠭᠲᠠᠭᠠᠵᠤ᠂ ᠣᠶᠢᠷ᠎ᠠ ᠳᠤ ᠪᠥᠬᠦ ᠤᠯᠤᠰ ᠤᠨ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠵᠢᠩᠬᠢᠨᠢ ᠪᠠᠷ ᠡᠬᠢᠯᠡᠨ ᠬᠡᠷᠡᠭᠯᠡᠪᠡ᠂ ᠡᠨᠡ ᠪᠣᠯ ᠰᠤᠷᠪᠤᠯᠵᠢᠯᠠᠭᠴᠢ 6 ᠤ ᠡᠳᠦᠷ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠴᠠ ᠣᠶᠢᠯᠠᠭᠠᠭᠰᠠᠨ ᠮᠡᠳᠡᠭᠡ ᠵᠠᠩᠭᠢ ᠪᠣᠯᠤᠨ᠎ᠠ᠃              ᠬᠠᠯᠳᠠᠪᠤᠷᠢᠲᠤ ᠡᠪᠡᠳᠴᠢᠨ ᠤ ᠵᠢᠱᠢᠶ᠎ᠡ ᠶᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ ᠳᠤ  ᠮᠠᠰᠢ  ᠴᠢᠬᠤᠯᠠ ᠶᠤᠮ᠃ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠵᠢᠯ ᠳᠤ ᠭᠤᠤᠯᠳᠠᠭᠤ ᠠᠬᠤᠶ ᠲᠠᠯᠠᠪᠠᠶ ᠳᠤ ᠨᠢᠭᠤᠷᠳᠡᠵᠦ  ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠷᠭ᠎ᠠ ᠶᠢ ᠠᠪᠤᠨ᠎ᠠ᠂ ᠤᠳᠠᠰᠤ  ᠪᠠᠷ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠪᠤᠯ ᠪᠠᠶᠢᠴᠠᠭᠠᠭᠳᠠᠬᠤ ᠡᠲᠡᠭᠡᠳ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠦᠷᠭᠡᠨ ᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃     
ᠢᠷᠡᠯᠲᠡ᠄ ᠠᠷᠠᠳ ᠤᠨ ᠰᠦᠯᠵᠢᠶ᠎ᠡ