ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠤᠬᠡ ᠪᠠᠨ ᠪᠠᠶᠢᠴᠠᠭᠠᠵᠦ ᠦᠵᠡᠬᠡᠷᠡᠢ
ᠨᠡᠶᠢᠲᠡᠯᠡᠭᠰᠡᠨ ᠴᠠᠭ᠄
2023/7/13
        ᠳᠤᠮᠳᠠᠳᠤ ᠤᠯᠤᠰ ᠤᠨ ᠠᠷᠠᠳ ᠤᠨ ᠪᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠬᠠᠳᠠᠭᠠᠯᠠᠮᠵᠢ ᠶᠢᠨ ᠬᠦᠤ ᠮᠥᠩᠭᠦ ᠶᠢᠨ ᠨᠣᠷᠮ᠎ᠠ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠪᠠᠩᠭᠢ ᠲᠠᠷᠬᠠᠭᠠᠭᠰᠠᠨ ︹2016︺43 ᠳ᠋ᠤᠭᠠᠷ ᠲᠣᠭᠠᠲᠤ︶ ᠢ ᠦᠨᠳᠦᠰᠦᠯᠡᠪᠡᠯ᠂ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠬᠠᠳᠠᠭᠠᠯᠠᠮᠵᠢ ᠶᠢ ᠨᠢᠭᠡ ᠵᠢᠯ ᠤᠨ ᠲᠣᠭᠲᠠᠮᠠᠯ ᠬᠤᠭᠤᠴᠠᠭ᠎ᠠ ᠲᠠᠢ ᠬᠠᠳᠠᠭᠠᠯᠠᠮᠵᠢ ᠶᠢᠨ ᠰᠠᠭᠤᠷᠢ ᠬᠦᠤ ᠮᠥᠩᠭᠦᠨ ᠤ ᠨᠣᠷᠮ᠎ᠠ ᠶᠢᠨ 1.5 % ᠪᠠᠷ ᠬᠦᠤ ᠮᠥᠩᠭᠦ ᠶᠢ ᠳ᠋ᠦᠩᠨᠡᠨ ᠪᠤᠳᠤᠨ᠎ᠠ ᠬᠡᠪᠡ᠃      2023 ᠣᠨ ᠤ 6 ᠰᠠᠷ᠎ᠠ ᠶᠢᠨ 30 ᠤ ᠡᠳᠦᠷ ᠮᠠᠨ ᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ 2023 ᠣᠨ ᠤ ᠬᠦᠤ ᠮᠥᠩᠭᠦ ᠶᠢ ᠳ᠋ᠦᠩᠨᠡᠨ ᠪᠤᠳᠤᠬᠤ ᠠᠵᠢᠯ ᠢ ᠤᠷᠤᠭᠰᠢᠲᠠᠶ ᠪᠡᠶᠡᠯᠡᠭᠦᠯᠪᠡ᠂ ᠲᠣᠰ ᠤᠳᠠᠭᠠᠨ ᠤ ᠬᠦᠤ ᠮᠥᠩᠭᠦ ᠶᠢ ᠳ᠋ᠦᠩᠨᠡᠨ ᠪᠤᠳᠤᠬᠰᠠᠨ ᠴᠠᠭ ᠨᠢ 2022 ᠣᠨ ᠤ 7 ᠰᠠᠷ᠎ᠠ ᠶᠢᠨ 1 ᠠᠴᠠ 2023 ᠣᠨ ᠤ 6 ᠰᠠᠷ᠎ᠠ ᠶᠢᠨ 30 ᠤ ᠡᠳᠦᠷ ᠪᠣᠯᠲᠠᠯᠡᠬᠢ ᠪᠠᠶᠢᠵᠤ᠂ ᠮᠠᠨ ᠤ ᠬᠤᠲᠠ ᠶᠢᠨ 8899 ᠪᠠᠶᠢᠭᠤᠯᠭ᠎ᠠ ᠨᠢᠬᠡᠴᠢ᠂ 422558 ᠲᠤᠰᠢᠶᠠᠨ ᠬᠠᠳᠠᠭᠠᠯᠠᠭᠤᠯᠤᠭᠴᠢ ᠶᠢᠨ ᠬᠦᠤ ᠮᠥᠩᠭᠦ 3.56 ᠳ᠋ᠦᠩᠰᠢᠭᠤᠷ ᠲᠥᠭᠦᠷᠢᠭ ᠢ ᠳ᠋ᠦᠩᠨᠡᠨ ᠪᠤᠳᠤᠵᠤ᠂ ᠬᠦᠤ ᠮᠥᠩᠭᠦ ᠶᠢ ᠳ᠋ᠦᠩᠨᠡᠨ ᠪᠤᠳᠤᠭᠰᠠᠨ ᠵᠣᠭᠤᠰ ᠤᠨ ᠲᠤᠭ᠎ᠠ ᠨᠢ  ᠲᠦᠷᠦᠭᠦᠤ ᠵᠢᠯ ᠤᠨ ᠬᠢ ᠠᠴᠠ 0.82 ᠳ᠋ᠦᠩᠰᠢᠭᠤᠷ ᠲᠥᠭᠦᠷᠢᠭ ᠢᠶᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠵᠡᠶ᠃      ᠣᠳᠣᠬᠠᠨ ᠳᠤ᠂ ᠳ᠋ᠦᠩᠨᠡᠨ ᠪᠤᠳᠤᠭᠰᠠᠨ ᠬᠦᠤ ᠮᠥᠩᠭᠦ ᠶᠢ ᠨᠢᠭᠡᠨᠲᠡ ᠪᠦᠬᠦᠨ ᠢ ᠲᠤᠰᠢᠶᠠᠨ ᠬᠠᠳᠠᠭᠠᠯᠠᠭᠤᠯᠤᠭᠴᠢ ᠶᠢᠨ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠭᠰᠠᠨ ᠪᠠᠶᠢᠨ᠎ᠠ᠃ ᠠᠵᠢᠯᠲᠠᠨ ᠠᠵᠢᠯᠴᠢᠨ ᠣᠷᠳᠣᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠷᠬᠢᠶ᠎ᠠ ᠲᠠᠪᠴᠠᠩ᠂ ︽ᠭᠠᠷ ᠤᠲᠠᠰᠤᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ APP᠂ ︽ᠮᠦᠡᠭᠬᠡ ᠰᠤᠪᠠᠭ︾ ᠤᠨ APP ᠵᠡᠷᠭᠡ ᠰᠦᠯᠵᠢᠶᠡᠨ ᠠᠴᠠ ᠲᠣᠰ ᠬᠥᠮᠦᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠦᠤ ᠮᠥᠩᠭᠦ ᠶᠢ ᠳ᠋ᠦᠩᠨᠡᠨ ᠪᠤᠳᠤᠭᠰᠠᠨ ᠪᠠᠶᠢᠳᠠᠯ ᠢᠶᠠᠨ ᠪᠠᠶᠢᠴᠠᠭᠠᠨ ᠦᠵᠡᠵᠦ ᠪᠤᠯᠤᠨ᠎ᠠ᠃    
ᠢᠷᠡᠯᠲᠡ᠄ ᠤᠷᠳᠤᠰ ᠤᠨ ᠡᠳᠤᠷ ᠤᠨ ᠰᠤᠨᠢᠨ