ᠤᠷᠳᠤᠰ ᠬᠤᠳᠠ ᠶᠢᠨ 2023 ᠤᠨ ᠤ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ
ᠨᠡᠶᠢᠲᠡᠯᠡᠭᠰᠡᠨ ᠴᠠᠭ᠄
2023/7/14
        ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠬᠤᠳᠠ ᠶᠢᠨ ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠳᠤᠷ ᠬᠢᠵᠦ᠂ ᠬᠦᠴᠢᠷᠳᠡᠯᠳᠡᠢ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠨᠠᠬᠰᠢᠳᠠ ᠨᠡᠮᠡᠭᠳᠡᠬᠦᠯᠬᠦ ᠪᠠᠷ᠂ ︽2023 ᠤᠨ ᠤ ᠪᠦᠬᠦ ᠤᠷᠤᠨ ᠤ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠤᠬᠳᠠᠯ ᠪᠦᠬᠦᠢ ᠶᠠᠪᠤᠳᠠᠯ ᠤᠨ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ ︵ᠦᠪᠦᠷ ᠵᠠᠰᠠᠭ ᠲᠤᠭᠠᠳᠤ ︿2023﹀ 52 ᠳ᠋ᠤᠭᠠᠷ ᠲᠤᠭᠠᠳᠤ︶︾ ᠤᠨ ᠱᠠᠭᠠᠷᠳᠠᠯᠭ᠎ᠠ ᠶᠤᠰᠤᠭᠠᠷ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ 2023 ᠤᠨ ᠤ ᠪᠦᠬᠦ ᠬᠤᠳᠠ ᠶᠢᠨ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠡᠶᠢᠳᠡᠯᠡᠵᠡᠢ᠃     ᠨᠢᠬᠡ᠂ ᠨᠡᠶᠢᠳᠡᠯᠡᠭᠰᠡᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠡᠢ     ᠰᠢᠨ᠎ᠠ ᠪᠠᠷᠢᠮᠵᠢᠶ᠎ᠠ ᠶᠢ 2023 ᠤᠨ ᠤ 1 ᠰᠠᠷ᠎ᠠ ᠠᠴᠠ ᠡᠬᠢᠯᠡᠨ ᠬᠡᠷᠡᠭᠵᠢᠬᠦᠯᠵᠦ᠂ ᠡᠯ᠎ᠠ ᠬᠤᠰᠢᠭᠤ ᠲᠤᠭᠤᠷᠢᠭ 2023 ᠤᠨ ᠤ 6 ᠰᠠᠷ᠎ᠠ ᠶᠢᠨ 10 ᠠᠴᠠ ᠡᠮᠦᠨ᠎ᠠ ᠰᠢᠨ᠎ᠠ ᠪᠡᠷᠢᠮᠵᠢᠶ᠎ᠠ ᠪᠠᠷ ᠲᠡᠬᠡᠷ᠎ᠠ ᠬᠠᠭᠠᠰ ᠵᠢᠯ ᠤᠨ ᠪᠡᠯᠡ ᠮᠥᠡᠭᠬᠦ ᠶᠢ ᠨᠦᠬᠦᠨ ᠤᠯᠭᠤᠵᠦ ᠲᠠᠭᠤᠰᠬᠠᠨ᠂ 7 ᠰᠠᠷ᠎ᠠ ᠠᠴᠠ ᠡᠬᠢᠯᠡᠨ ᠰᠢᠨ᠎ᠠ ᠪᠠᠷᠢᠮᠵᠢᠶ᠎ᠠ ᠪᠠᠷ ᠲᠠᠷᠬᠠᠭᠠᠵᠦ᠂ ᠠᠪᠤᠷᠠᠨ ᠲᠤᠰᠠᠯᠠᠬᠤ ᠪᠠᠳᠤᠯᠠᠭ᠎ᠠ ᠶᠢᠨ ᠬᠡᠪᠴᠢᠶᠠᠨ ᠠᠴᠠ ᠭᠠᠷᠤᠬᠰᠠᠨ ᠪᠠᠶᠢᠪᠠᠯ ᠨᠦᠬᠦᠪᠦᠷᠢᠯᠡᠵᠦ ᠲᠠᠷᠬᠠᠭᠠᠬᠤ ᠦᠬᠡᠢ᠃     ᠬᠤᠶᠠᠷ᠂ ᠨᠡᠶᠢᠬᠡᠮ ᠤᠨ ᠠᠪᠤᠷᠠᠨ ᠲᠤᠰᠠᠯᠠᠬᠤ ᠬᠤᠳᠠ ᠬᠦᠳᠡᠭᠡ ᠶᠢ ᠨᠢᠬᠡᠳᠦᠯᠳᠡᠢ ᠲᠦᠯᠦᠪᠵᠢᠭᠦᠯᠬᠦ ᠲᠤᠷᠰᠢᠯᠳᠠ ᠶᠢᠨ ᠴᠡᠭ ᠤᠨ ᠠᠵᠢᠯ ᠢ ᠰᠠᠶᠢᠳᠤᠷ ᠬᠢᠬᠦ ᠬᠡᠷᠡᠭᠳᠡᠢ     2023 ᠤᠨ ᠳᠤ᠂ ᠦᠪᠡᠷᠳᠡᠬᠡᠨ ᠵᠠᠰᠠᠬᠤ ᠤᠷᠤᠨ ᠠᠴᠠ ᠮᠠᠨ ᠤ ᠬᠤᠳᠠ ᠶᠢᠨ ᠳ᠋ᠥᠡᠭᠱᠸᠡᠭ ᠲᠤᠭᠤᠷᠢᠭ᠂ ᠤᠳᠤᠭ ᠬᠤᠰᠢᠭᠤ ᠶᠢ ᠪᠦᠬᠦ ᠤᠷᠤᠨ ᠤ ᠬᠤᠰᠢᠭᠤ ᠰᠢᠶᠠᠨ ᠤ ᠱᠠᠳᠤ ᠶᠢᠨ ᠨᠡᠶᠢᠬᠡᠮ ᠤᠨ ᠠᠪᠤᠷᠠᠨ ᠲᠤᠰᠠᠯᠠᠬᠤ ᠬᠤᠳᠠ ᠬᠦᠳᠡᠭᠡ ᠶᠢ ᠨᠢᠬᠡᠳᠦᠯᠳᠡᠢ ᠲᠦᠯᠦᠪᠵᠢᠭᠦᠯᠬᠦ ᠲᠤᠷᠰᠢᠯᠳᠠ ᠶᠢᠨ ᠴᠡᠭ ᠢᠶᠠᠷ ᠲᠤᠬᠳᠠᠭᠠᠵᠦ᠂ ᠲᠤᠷᠰᠢᠯᠳᠠ ᠶᠢᠨ ᠴᠡᠭ ᠤᠨ ᠬᠤᠰᠢᠭᠤ ᠲᠤᠭᠤᠷᠢᠭ ᠨᠢ ᠬᠤᠯᠪᠤᠬᠳᠠᠯ ᠪᠦᠬᠦᠢ ᠱᠠᠭᠠᠷᠳᠠᠯᠭ᠎ᠠ ᠶᠤᠰᠤᠭᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠪᠠᠷ ᠬᠤᠳᠠ ᠬᠦᠳᠡᠭᠡ ᠶᠢ ᠨᠢᠬᠡᠳᠦᠯᠳᠡᠢ  ᠲᠦᠯᠦᠪᠵᠢᠭᠦᠯᠬᠦ ᠪᠠ ᠪᠡᠯᠡ ᠮᠥᠡᠭᠬᠦ ᠶᠢ ᠤᠷᠤᠨᠵᠢᠭᠤᠯᠬᠤ ᠠᠵᠢᠯ ᠢ ᠰᠠᠶᠢᠳᠤᠷ ᠬᠢᠵᠦ᠂ ᠲᠤᠷᠰᠢᠯᠳᠠ ᠶᠢᠨ ᠴᠡᠭ ᠤᠨ ᠠᠵᠢᠯ ᠤᠨ ᠡᠮᠬᠢ ᠴᠡᠭᠴᠡ ᠲᠠᠢ ᠠᠬᠢᠬᠤ ᠶᠢ ᠪᠠᠳᠤᠯᠠᠬᠤ ᠬᠡᠷᠡᠭᠳᠡᠢ ᠬᠡᠪᠡ᠃      ᠳ᠋ᠥᠡᠭᠱᠸᠡᠭ ᠲᠤᠭᠤᠷᠢᠭ ᠢᠶᠠᠷ ᠵᠢᠱᠢᠶᠡᠯᠡᠵᠦ ᠦᠵᠡᠪᠡᠯ᠂     ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ     ᠬᠤᠳᠠ ᠪᠠ ᠮᠠᠯᠵᠢᠬᠤ ᠲᠠᠷᠢᠶᠠᠯᠠᠬᠤ ᠤᠷᠤᠨ᠄     950 ᠲᠦᠬᠦᠷᠢᠭ \ ᠬᠦᠮᠦᠨ \ ᠰᠠᠷ᠎ᠠ     ︵ᠨᠢᠬᠡ︶ ᠬᠤᠳᠠ ᠬᠦᠳᠡᠭᠡ ᠶᠢᠨ ᠤᠨᠴᠠ ᠬᠦᠴᠢᠷᠳᠡᠯᠳᠡᠢ ᠬᠦᠮᠦᠰ ᠢ ᠠᠰᠠᠷᠠᠨ ᠲᠡᠵᠢᠬᠡᠬᠦ ᠪᠠᠷᠢᠮᠵᠢᠶ᠎ᠠ     1᠂ ᠦᠨᠳᠦᠰᠦᠨ ᠠᠮᠢᠳᠤᠷᠠᠯ ᠤᠨ ᠲᠤᠮᠳᠠᠴᠢ ᠪᠠᠷᠢᠮᠵᠢᠶ᠎ᠠ     ᠬᠤᠳᠠ᠄ 1800 ᠲᠦᠬᠦᠷᠢᠭ \ ᠬᠦᠮᠦᠨ \ ᠰᠠᠷ᠎ᠠ     ᠮᠠᠯᠵᠢᠬᠤ ᠲᠠᠷᠢᠶᠠᠯᠠᠬᠤ ᠤᠷᠤᠨ᠄ 1100 ᠲᠦᠬᠦᠷᠢᠭ \ ᠬᠦᠮᠦᠨ \ ᠰᠠᠷ᠎ᠠ     2᠂ ᠠᠰᠠᠷᠠᠨ ᠰᠤᠪᠢᠯᠠᠬᠤ ᠲᠤᠮᠳᠠᠴᠢ ᠪᠠᠷᠢᠮᠵᠢᠶ᠎ᠠ     ︵1︶ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠬᠰᠠᠨ᠄ 1300 ᠲᠦᠬᠦᠷᠢᠭ \ ᠬᠦᠮᠦᠨ \ ᠰᠠᠷ᠎ᠠ     ︵2︶ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠠᠯᠳᠠᠬᠰᠠᠳ᠄ 500 ᠲᠦᠬᠦᠷᠢᠭ \ ᠬᠦᠮᠦᠨ \ ᠰᠠᠷ᠎ᠠ     ︵3︶ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠲᠠᠢ ᠬᠦᠮᠦᠰ᠄ 50 ᠲᠦᠬᠦᠷᠢᠭ \ ᠬᠦᠮᠦᠨ \ ᠰᠠᠷ᠎ᠠ     ︵ᠬᠤᠶᠠᠷ︶ ᠦᠨᠦᠴᠢᠨ ᠬᠡᠤᠬᠡᠳ᠂ ᠪᠤᠳᠠᠳᠡᠢ ᠠᠰᠠᠷᠠᠨ ᠲᠡᠵᠢᠬᠡᠭᠴᠢ ᠦᠬᠡᠢ ᠬᠡᠤᠬᠡᠳ ᠤᠨ ᠠᠮᠢᠳᠤᠷᠠᠯ ᠤᠨ ᠰᠦᠢᠳᠬᠡᠯ ᠤᠨ ᠪᠠᠷᠢᠮᠵᠢᠶ᠎ᠠ     ᠲᠦᠪᠯᠡᠷᠡᠭᠦᠯᠤᠨ ᠠᠰᠠᠷᠠᠠ ᠲᠡᠵᠢᠬᠡᠬᠦ᠄ 2660 ᠲᠦᠬᠦᠷᠢᠭ \ ᠬᠦᠮᠦᠨ \ ᠰᠠᠷ᠎ᠠ     ᠡᠰᠡ ᠲᠦᠪᠯᠡᠷᠡᠭᠦᠯᠤᠨ ᠠᠰᠠᠷᠠᠨ ᠲᠡᠵᠢᠬᠡᠬᠦ᠄ 2220 ᠲᠦᠬᠦᠷᠢᠭ \ ᠬᠦᠮᠦᠨ \ ᠰᠠᠷ᠎ᠠ     ᠡᠭᠦᠨ ᠳᠤ ᠤᠲᠤᠭ ᠬᠤᠰᠢᠭᠤᠨ ᠤ ᠬᠢ ᠳ᠋ᠦᠡᠭᠱᠸᠡᠭ ᠲᠤᠭᠤᠷᠢᠭ ᠤᠨ ᠪᠠᠷᠢᠮᠵᠢᠶ᠎ᠠ ᠲᠠᠢ ᠪᠦᠷᠢᠮᠦᠰᠤᠨ ᠠᠳᠠᠯᠢ ᠪᠠᠶᠢᠵᠦ ᠬᠢᠶ᠎ᠠ ᠪᠠᠭᠰᠢ ᠲᠤᠭᠤᠷᠢᠭ᠂ ᠲᠠᠯᠠᠳ ᠬᠤᠰᠢᠭᠤ᠂ ᠵᠡᠬᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠤᠰᠢᠨ ᠬᠤᠰᠢᠭᠤ᠂  ᠬᠠᠨᠭ᠍ᠬᠢᠨ ᠬᠤᠰᠢᠭᠤ᠂ ᠤᠳᠤᠬ ᠤᠨ ᠡᠮᠦᠨᠡᠳᠤ ᠬᠤᠰᠢᠭᠤ ᠨᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠲᠤᠯᠠᠬ᠋᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠪᠠᠷᠢᠮᠵᠢᠶ᠎ᠠ ᠶᠢ 720 ᠲᠦᠭᠦᠷᠢᠭ \ ᠬᠦᠮᠦᠨ \ ᠰᠠᠷ᠎ᠠ ᠪᠠᠷ ᠳᠤᠭᠲᠠᠭᠠᠵᠠᠢ᠃    
ᠢᠷᠡᠯᠲᠡ᠄ ᠤᠷᠳᠤᠰ ᠤᠨ ᠡᠳᠤᠷ ᠤᠨ ᠰᠤᠨᠢᠨ