ᠮᠠᠨ ᠤ ᠬᠤᠲᠠ ᠶᠢᠨ ᠮᠡᠷᠭᠡᠵᠢᠯ ᠤᠨ ᠦᠨ᠎ᠡ ᠵᠠᠰᠠᠭᠴᠢ 180 ᠬᠥᠮᠦᠨ ᠳᠤ ᠬᠦᠷᠴᠡᠢ
ᠨᠡᠶᠢᠲᠡᠯᠡᠭᠰᠡᠨ ᠴᠠᠭ᠄
2023/7/21
               ᠤᠶᠢᠷ᠎ᠠ ᠶᠢᠨ ᠡᠳᠤᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ 2023 ᠣᠨ ᠤ ᠠᠩᠬᠠᠳᠠᠭᠴᠢ ᠪᠦᠯᠣᠭ᠌ ᠠᠩᠬ᠎ᠠ᠂ ᠳᠤᠮᠳᠠ ᠵᠡᠷᠭᠡ ᠶᠢᠨ ᠮᠡᠷᠭᠡᠵᠢᠯ ᠤᠨ ᠦᠨ᠎ᠡ ᠵᠠᠰᠠᠭᠴᠢ ᠶᠢᠨ ᠪᠣᠯᠪᠠᠰᠤᠷᠠᠯ ᠤᠨ ᠰᠤᠷᠤᠯᠭ᠎ᠠ ᠲᠡᠭᠦᠰᠭᠦ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠢ ᠵᠠᠷᠯᠠᠨ ᠨᠡᠶᠢᠲᠡᠯᠡᠪᠡ᠃ ᠡᠭᠦᠨ ᠳᠤ᠂ ᠮᠠᠨ ᠤ ᠬᠤᠲᠠ ᠶᠢᠨ 9 ᠠᠩᠬ᠎ᠠ ᠵᠡᠷᠭᠡ ᠶᠢᠨ ᠮᠡᠷᠭᠡᠵᠢᠯ ᠤᠨ ᠦᠨ᠎ᠡ ᠵᠠᠰᠠᠭᠴᠢ ᠪᠠ 23 ᠳᠤᠮᠳᠠ ᠵᠡᠷᠭᠡ ᠶᠢᠨ ᠮᠡᠷᠭᠡᠵᠢᠯ ᠤᠨ ᠦᠨ᠎ᠡ ᠵᠠᠰᠠᠭᠴᠢ ᠰᠢᠯᠭᠠᠯᠲᠠ ᠳᠤ ᠬᠢᠷᠢ ᠲᠡᠩᠴᠡᠪᠡ᠃ ᠤᠳᠤᠬᠠᠨ ᠪᠣᠯᠲᠠᠯ᠎ᠠ᠂ ᠮᠠᠨ ᠤ ᠬᠤᠲᠠ ᠳᠤ ᠨᠡᠶᠢᠲᠡ 180 ᠮᠡᠷᠭᠡᠵᠢᠯ ᠤᠨ ᠦᠨ᠎ᠡ ᠵᠠᠰᠠᠭᠴᠢ ᠲᠠᠢ ᠪᠤᠯᠵᠠᠢ᠃       ᠣᠶᠢᠯᠠᠭᠠᠭᠰᠠᠨ ᠢᠶᠠᠷ᠂ ᠮᠡᠷᠭᠡᠵᠢᠯ ᠤᠨ ᠦᠨ᠎ᠡ ᠵᠠᠰᠠᠭᠴᠢ ᠪᠣᠯ ᠮᠡᠷᠭᠡᠵᠢᠯ ᠤᠨ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡᠨ ᠤ ᠲᠠᠯ᠎ᠠ ᠶᠢ ᠵᠣᠯᠭᠠᠭᠤᠯᠬᠤ ᠬᠥᠭᠦᠷᠭᠡ ᠬᠤᠯᠪᠣᠭᠠᠰᠤ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠬᠦᠯᠤᠨ ᠤᠯᠠᠷᠢᠭᠤᠯᠤᠨ ᠬᠤᠪᠢᠷᠠᠭᠤᠯᠬᠤ ᠶᠢᠨ ᠴᠢᠬᠤᠯᠠ ᠲᠤᠰᠠᠯᠠᠬᠤ ᠬᠦᠴᠦᠨ ᠮᠥᠨ᠂ ᠮᠡᠷᠭᠡᠵᠢᠯ ᠤᠨ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠨ᠂ ᠮᠡᠷᠭᠡᠵᠢᠯ ᠤᠨ ᠰᠣᠯᠢᠯᠴᠠᠭ᠎ᠠ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠮᠡᠷᠭᠡᠵᠢᠯ ᠤᠨ ᠦᠨ᠎ᠡ ᠵᠠᠰᠠᠭᠴᠢ ᠶᠢᠨ ᠡ᠊ᠩᠨᠡᠭᠡ ᠶᠢᠨ ᠪᠤᠵᠠᠭᠠᠶᠢᠷᠠᠬᠤ ᠶᠢ ᠳᠠᠭᠠᠯᠳᠤᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠬᠦᠯᠤᠨ ᠤᠯᠠᠷᠢᠭᠤᠯᠤᠨ ᠬᠤᠪᠢᠷᠠᠭᠤᠯᠬᠤ ᠴᠢᠳᠠᠪᠤᠷᠢᠲᠠᠨ ᠢ ᠴᠢᠨᠠᠷ ᠰᠠᠶᠢᠲᠠᠶ ᠬᠥᠮᠦᠵᠢᠭᠦᠯᠬᠦ ᠠᠵᠢᠯᠯᠠᠭᠠᠨ ᠤ ᠲᠥᠰᠦᠯ︾ ᠤᠨ ᠶᠣᠰᠣᠭᠠᠷ᠂ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠵᠤ᠂ ᠪᠣᠯᠪᠠᠰᠤᠷᠠᠭᠤᠯᠬᠤ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠦᠴᠦᠨ ᠵᠦᠢᠯ ᠤᠨ ᠲᠡᠩᠴᠡᠭᠦᠷᠢᠰᠢᠯ ᠢ ᠠᠬᠢᠭᠤᠯᠤᠨ᠂ ᠮᠡᠷᠭᠡᠵᠢᠯ ᠤᠨ ᠦᠨ᠎ᠡ ᠵᠠᠰᠠᠭᠴᠢ ᠶᠢᠨ ︽ᠲᠦᠷᠭᠡᠳᠭᠡᠭᠦᠷ︾ ᠤᠨ ᠦᠢᠯᠡᠳᠤᠯ ᠢ ᠲᠠᠰᠤᠷᠠᠯᠲᠠ ᠥᠬᠡᠶ ᠪᠠᠳᠠᠷᠠᠭᠤᠯᠬᠤ ᠶᠢ  ᠬᠦᠳᠤᠯᠤᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠬᠦᠯᠤᠨ ᠤᠯᠠᠷᠢᠭᠤᠯᠤᠨ ᠬᠤᠪᠢᠷᠠᠭᠤᠯᠬᠤ ᠶᠢᠨ ︽ᠡᠴᠦᠰ ᠤᠨ ᠨᠢᠭᠡ ᠺᠢᠯᠣᠮᠧᠲᠷ︾ ᠢ ᠭᠦᠶᠦᠵᠦ ᠳᠠᠭᠤᠰᠬᠠᠬᠤ ᠶᠢ ᠲᠦᠷᠭᠡᠳᠭᠡᠨ᠂ ᠮᠠᠨ ᠤ ᠬᠤᠲᠠ ᠶᠢᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ ᠶᠢ ᠪᠦᠳᠤᠭᠡᠨ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠨᠡᠮᠡᠷᠢᠯᠡᠬᠦ ᠶᠢ ᠪᠡᠶᠡᠯᠡᠭᠦᠯᠬᠦ ᠪᠤᠯᠤᠨ᠎ᠡ᠃      
ᠢᠷᠡᠯᠲᠡ᠄ ᠤᠷᠳᠤᠰ ᠤᠨ ᠡᠳᠤᠷ ᠤᠨ ᠰᠤᠨᠢᠨ