ᠡᠶᠢᠮᠦ ᠲᠡᠷᠭᠡ ᠠᠪᠬᠤ ᠬᠥᠮᠥᠰ ᠠᠩᠬᠠᠷ︕
ᠨᠡᠶᠢᠲᠡᠯᠡᠭᠰᠡᠨ ᠴᠠᠭ᠄
2023/7/24
     19᠎ ᠤ ᠡᠳᠦᠷ᠂ ᠡᠳ᠋ ᠤᠨ ᠵᠠᠰᠠᠭ ᠤᠨ ᠶᠠᠮᠤᠨ ᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠬᠠᠮᠢᠶᠠᠲᠠᠢ ᠬᠠᠷᠢᠭᠤᠴᠠᠯᠭᠠᠲᠠᠨ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠪᠣᠳᠠᠲᠠᠶ ᠠᠭᠤᠯᠭ᠎ᠠ ᠶᠢ ᠲᠠᠨᠢᠯᠴᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ 2027 ᠣᠨ ᠤ ᠰᠡᠭᠦᠯᠴᠢ ᠪᠣᠯᠲᠠᠯ᠎ᠠ ᠤᠷᠲᠤᠳᠬᠠᠬᠤ ᠪᠠᠷ ᠲᠣᠭᠲᠠᠯ᠎ᠠ ᠭᠡᠵᠡᠢ᠃ ᠡᠭᠦᠨ ᠳᠤ᠂ 2024 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠭᠠᠶᠢᠯᠢ ᠲᠠᠲᠠᠪᠤᠷᠢᠯᠠᠬᠤ ᠥᠬᠡᠶ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠶᠢ ᠭᠡᠯᠳᠦᠷᠢᠭᠦᠯᠬᠦ ᠬᠡᠮᠵᠢᠶ᠎ᠡ ᠶᠢ 3 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ 2026 ᠣᠨ ᠤ 1ᠳ᠋ᠤᠭᠡᠷ ᠰᠠᠷ᠎ᠠ ᠶᠢᠨ 1᠎ ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠭᠠᠶᠢᠯᠢ ᠶᠢ ᠬᠠᠭᠠᠰ ᠢᠶᠠᠷ ᠬᠥᠩᠭᠡᠯᠡᠨ ᠲᠠᠲᠠᠪᠤᠷᠢᠯᠠᠵᠤ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠶᠢ 1.5 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃   

7.24 服务.....png

 

ᠢᠷᠡᠯᠲᠡ᠄ ᠲᠥᠪ ᠷᠠᠳᠢᠣ᠋ ᠶᠢᠨ ᠮᠡᠳᠡᠭᠡ