ᠮᠠᠰᠢᠨ ᠲᠡᠷᠭᠡᠨ ᠤ ᠬᠡᠷᠡᠭᠯᠡᠭᠡ ᠶᠢ ᠴᠢᠨᠠᠭᠰᠢᠳᠠ ᠲᠣᠭᠲᠠᠪᠤᠷᠢᠵᠢᠭᠤᠯᠤᠨ ᠥᠷᠭᠡᠳᠬᠡᠬᠦ ᠶᠢᠨ ᠲᠥᠯᠥᠭᠡ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ | ᠵᠡᠷᠭᠡ 13 ᠰᠠᠯᠠᠭ᠎ᠠ ᠮᠥᠴᠢᠷ ᠣᠶᠢᠷ᠎ᠠ ᠳᠤ ︽ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠬᠠᠮᠢᠶᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠠᠢ᠃ | ᠡᠭᠦᠨ ᠳᠤ ᠭᠤᠣᠯᠳᠠᠭᠤ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ | ᠬᠠᠭᠤᠴᠢᠨ ᠮᠠᠰᠢᠨ ᠢᠶᠠᠨ ᠬᠤᠳᠠᠯᠳᠤᠭᠠᠳ ᠰᠢᠨ᠎ᠡ ᠮᠠᠰᠢᠨ ᠬᠤᠳᠠᠯᠳᠤᠨ ᠠᠪᠬᠤ ᠶᠢ ᠳᠡᠮᠵᠢᠬᠦ᠂ ᠬᠠᠭᠤᠴᠢᠨ ᠮᠠᠰᠢᠨ ᠬᠤᠳᠠᠯᠳᠤᠬᠤ ᠵᠠᠬ᠎ᠠ ᠳᠡᠯᠭᠡᠭᠦᠷ ᠢ ᠱᠠᠯᠠᠪᠳᠠᠨ | ᠪᠤᠢ ᠪᠣᠯᠭᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠢᠵᠢ ᠪᠦᠷᠢᠨ ᠪᠡᠯᠡᠳᠬᠡᠯ ᠲᠥᠬᠦᠭᠡᠷᠦᠮᠵᠢ ᠶᠢ ᠪᠠᠶᠢᠭᠤᠯᠬᠤ᠂ ᠬᠥᠳᠡᠭᠡ ᠲᠣᠰᠬᠤᠨ ᠤ ᠴᠠᠬᠢᠯᠭᠠᠨ | ᠡᠷᠴᠢᠮ ᠬᠦᠴᠦᠨ ᠤ ᠳᠠᠭᠠᠭᠠᠴᠠ ᠶᠢ ᠴᠢᠷᠮᠠᠶᠢᠨ ᠳᠡᠭᠡᠭᠰᠢᠯᠡᠭᠦᠯᠬᠦ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠥᠪᠡᠷ ᠤᠨ ᠥᠷᠲᠡᠭ ᠢ | ᠪᠠᠭᠤᠷᠠᠭᠤᠯᠬᠤ᠂ ᠣᠯᠠᠨ ᠨᠡᠶᠢᠲᠡ ᠶᠢᠨ ᠴᠠᠷ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠲᠤᠭ᠎ᠠ ᠶᠢ ᠨᠡᠮᠡᠭᠳᠡᠭᠦᠯᠬᠦ᠂ ᠮᠠᠰᠢᠨ | ᠲᠡᠷᠭᠡ ᠬᠤᠳᠠᠯᠳᠤᠨ ᠠᠪᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠬᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠲᠣᠰᠣᠨ | ᠳᠤ ᠭᠠᠮᠲᠠᠢ ᠮᠠᠰᠢᠨ ᠲᠡᠷᠭᠡ ᠰᠤᠳᠤᠯᠤᠨ ᠬᠥᠭᠵᠢᠭᠦᠯᠬᠦ ᠶᠢ ᠵᠣᠷᠢᠭᠵᠢᠭᠤᠯᠬᠤ᠂ ᠮᠠᠰᠢᠨ ᠤ ᠵᠣᠭᠰᠣᠭᠠᠯ ᠬᠦᠷᠦᠯᠴᠡᠬᠦ ᠦᠭᠡᠢ ᠪᠠᠶᠢᠬᠤ ᠪᠠ ᠳᠤᠷ᠎ᠠ ᠪᠠᠷ ᠢᠶᠠᠨ | ᠵᠣᠭᠰᠣᠭᠠᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠨᠠᠮᠳᠠᠭᠠᠬᠤ ᠵᠡᠷᠭᠡ 10 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠭᠲᠠᠵᠤ ᠪᠠᠶᠢᠨ᠎ᠠ᠃ | | | | | | | |