ᠲᠡᠷᠭᠡ ᠠᠪᠬᠤ ᠬᠥᠮᠥᠰ ᠨᠠᠭᠠᠰᠢ ᠬᠠᠨᠳᠤᠭᠠᠷᠠᠢ
ᠨᠡᠶᠢᠲᠡᠯᠡᠭᠰᠡᠨ ᠴᠠᠭ᠄
2023/7/24
      ᠮᠠᠰᠢᠨ ᠲᠡᠷᠭᠡᠨ ᠤ ᠬᠡᠷᠡᠭᠯᠡᠭᠡ ᠶᠢ ᠴᠢᠨᠠᠭᠰᠢᠳᠠ ᠲᠣᠭᠲᠠᠪᠤᠷᠢᠵᠢᠭᠤᠯᠤᠨ ᠥᠷᠭᠡᠳᠬᠡᠬᠦ ᠶᠢᠨ ᠲᠥᠯᠥᠭᠡ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠵᠡᠷᠭᠡ 13 ᠰᠠᠯᠠᠭ᠎ᠠ ᠮᠥᠴᠢᠷ ᠣᠶᠢᠷ᠎ᠠ ᠳᠤ ︽  ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠬᠠᠮᠢᠶᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠠᠢ᠃      ᠡᠭᠦᠨ ᠳᠤ ᠭᠤᠣᠯᠳᠠᠭᠤ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ  ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ  ᠶᠢ ᠰᠢᠯᠢᠳᠡᠭᠵᠢᠭᠦᠯᠬᠦ᠂ ᠬᠠᠭᠤᠴᠢᠨ ᠮᠠᠰᠢᠨ ᠢᠶᠠᠨ ᠬᠤᠳᠠᠯᠳᠤᠭᠠᠳ ᠰᠢᠨ᠎ᠡ ᠮᠠᠰᠢᠨ ᠬᠤᠳᠠᠯᠳᠤᠨ ᠠᠪᠬᠤ ᠶᠢ ᠳᠡᠮᠵᠢᠬᠦ᠂ ᠬᠠᠭᠤᠴᠢᠨ ᠮᠠᠰᠢᠨ ᠬᠤᠳᠠᠯᠳᠤᠬᠤ ᠵᠠᠬ᠎ᠠ ᠳᠡᠯᠭᠡᠭᠦᠷ ᠢ ᠱᠠᠯᠠᠪᠳᠠᠨ ᠪᠤᠢ ᠪᠣᠯᠭᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠢᠵᠢ ᠪᠦᠷᠢᠨ ᠪᠡᠯᠡᠳᠬᠡᠯ ᠲᠥᠬᠦᠭᠡᠷᠦᠮᠵᠢ  ᠶᠢ ᠪᠠᠶᠢᠭᠤᠯᠬᠤ᠂ ᠬᠥᠳᠡᠭᠡ ᠲᠣᠰᠬᠤᠨ ᠤ ᠴᠠᠬᠢᠯᠭᠠᠨ ᠡᠷᠴᠢᠮ ᠬᠦᠴᠦᠨ ᠤ  ᠳᠠᠭᠠᠭᠠᠴᠠ ᠶᠢ ᠴᠢᠷᠮᠠᠶᠢᠨ ᠳᠡᠭᠡᠭᠰᠢᠯᠡᠭᠦᠯᠬᠦ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂  ᠣᠯᠠᠨ ᠨᠡᠶᠢᠲᠡ ᠶᠢᠨ ᠴᠠᠷ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠲᠤᠭ᠎ᠠ ᠶᠢ ᠨᠡᠮᠡᠭᠳᠡᠭᠦᠯᠬᠦ᠂ ᠮᠠᠰᠢᠨ  ᠲᠡᠷᠭᠡ ᠬᠤᠳᠠᠯᠳᠤᠨ ᠠᠪᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠬᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠲᠣᠰᠣᠨ  ᠳᠤ ᠭᠠᠮᠲᠠᠢ ᠮᠠᠰᠢᠨ ᠲᠡᠷᠭᠡ ᠰᠤᠳᠤᠯᠤᠨ ᠬᠥᠭᠵᠢᠭᠦᠯᠬᠦ ᠶᠢ ᠵᠣᠷᠢᠭᠵᠢᠭᠤᠯᠬᠤ᠂   ᠮᠠᠰᠢᠨ ᠤ ᠵᠣᠭᠰᠣᠭᠠᠯ ᠬᠦᠷᠦᠯᠴᠡᠬᠦ ᠦᠭᠡᠢ ᠪᠠᠶᠢᠬᠤ ᠪᠠ ᠳᠤᠷ᠎ᠠ ᠪᠠᠷ ᠢᠶᠠᠨ ᠵᠣᠭᠰᠣᠭᠠᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠨᠠᠮᠳᠠᠭᠠᠬᠤ ᠵᠡᠷᠭᠡ 10 ᠵᠦᠢᠯ ᠤᠨ  ᠪᠣᠳᠠᠲᠠᠢ ᠠᠷᠭ᠎ᠠ ᠬᠡᠮᠵᠢᠶ᠎ᠡ ᠪᠠᠭᠲᠠᠵᠤ ᠪᠠᠶᠢᠨ᠎ᠠ᠃

7.24.2.png

   

 

ᠢᠷᠡᠯᠲᠡ᠄ ᠲᠥᠪ ᠷᠠᠳᠢᠣ᠋ ᠶᠢᠨ ᠮᠡᠳᠡᠭᠡ