ᠡᠶᠢᠮᠦ ᠤᠲᠠᠰᠤ ᠶᠢ ᠶᠠᠭᠠᠬᠢᠭᠰᠠᠨ ᠴᠦ ᠲᠣᠰᠴᠤ ᠪᠣᠯᠬᠤ ᠦᠭᠡᠢ
ᠨᠡᠶᠢᠲᠡᠯᠡᠭᠰᠡᠨ ᠴᠠᠭ᠄
2023/7/24
                          ︽ᠸᠢᠴᠠᠲ ᠤᠨ ᠠᠮᠤᠷ ᠲᠦᠪᠰᠢᠨ ᠤ ᠲᠥᠪ︾ ᠤᠨ 19 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ᠂ ᠵᠠᠷᠢᠮ ᠮᠡᠬᠡᠯᠡᠭᠴᠢ ᠥᠪᠡᠷ ᠢ ᠪᠠᠨ ︽ᠸᠢᠴᠠᠲ ᠤᠨ ᠦᠢᠯᠡᠴᠢᠯᠡᠭᠡᠨ ᠤ ᠲᠥᠪ︾ ︽ᠸᠢᠴᠠᠲ ᠤᠨ ᠲᠣᠭᠠᠴᠠᠭ᠎ᠠ ᠬᠢᠬᠦ ᠲᠥᠪ︾ ᠵᠡᠷᠭᠡ ᠦᠢᠯᠡᠴᠢᠯᠡᠭᠡᠨ ᠤ ᠠᠯᠪᠠᠨ ᠤ ᠲᠠᠯ᠎ᠠ ᠶᠢᠨ ᠠᠵᠢᠯᠲᠠᠨ ᠭᠡᠵᠦ ᠬᠤᠳᠠᠯ ᠬᠡᠯᠡᠨ᠂ FaceTime ᠴᠢᠳᠠᠮᠵᠢ ᠶᠢ ᠬᠡᠷᠡᠭᠯᠡᠨ᠂ iOS ᠰᠢᠰᠲ᠋ᠧᠮ ᠤᠨ ᠬᠡᠷᠡᠭᠯᠡᠭᠴᠢᠳ ᠲᠠᠢ ᠸᠢᠳᠢᠣ᠋ ᠪᠠᠷ ᠶᠠᠷᠢᠯᠴᠠᠵᠤ ᠪᠠᠶᠢᠨ᠎ᠠ᠃      ᠸᠢᠴᠠᠲ ᠤᠨ ᠠᠯᠪᠠᠨ ᠤ ᠲᠠᠯ᠎ᠠ ᠢᠯᠡᠷᠭᠡᠶᠢᠯᠡᠬᠦ ᠳᠡᠭᠡᠨ᠂ ᠪᠢᠳᠡ FaceTime ᠪᠠᠷ ᠳᠠᠮᠵᠢᠭᠤᠯᠤᠨ ᠬᠡᠷᠡᠭᠯᠡᠭᠴᠢᠳ ᠲᠠᠢ ᠬᠠᠷᠢᠯᠴᠠᠬᠤ ᠥᠬᠡᠶ ᠶᠤᠮ᠂ ᠡᠶᠢᠮᠦᠷᠬᠦ ᠬᠡᠯᠪᠡᠷᠢ ᠪᠠᠷ ᠲᠠᠨ ᠲᠠᠢ ᠬᠠᠷᠢᠯᠴᠠᠵᠤ ᠪᠠᠶᠢᠭ᠎ᠠ ᠨᠢ ᠪᠦᠷ ᠮᠡᠬᠡᠯᠡᠭᠴᠢ ᠪᠣᠯᠬᠤᠷ ᠤᠲᠠᠰᠤ ᠪᠠᠨ ᠲᠣᠰᠬᠤ ᠬᠡᠷᠡᠭ ᠥᠬᠡᠶ᠃ ᠥᠷᠭᠡᠨ ᠣᠯᠠᠨ ᠬᠡᠷᠡᠭᠯᠡᠭᠴᠢ ᠲᠠᠨᠢᠯ ᠪᠤᠰᠤ ᠤᠲᠠᠰᠤ ᠶᠢ ᠲᠣᠰᠣᠭᠠᠳ ᠮᠡᠬᠡᠯᠡᠭᠳᠡᠬᠦ ᠠᠴᠠ ᠵᠶᠢᠯᠠᠰᠬᠢᠬᠦ ᠪᠣᠯᠪᠠᠤ ᠭᠡᠵᠡᠢ᠃    
ᠢᠷᠡᠯᠲᠡ᠄ ᠲᠥᠪ ᠷᠠᠳᠢᠣ᠋ ᠶᠢᠨ ᠮᠡᠳᠡᠭᠡ