ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠤᠨ ᠤ ᠤᠯᠠᠷᠢᠯ ᠳᠤ  ᠭᠡᠷᠡᠭᠯᠡᠬᠦ ᠲᠤᠬᠠᠢ ᠶᠡᠷᠦ ᠶᠢᠨ ᠮᠡᠳᠡᠯᠭᠡ
ᠨᠡᠶᠢᠲᠡᠯᠡᠭᠰᠡᠨ ᠴᠠᠭ᠄
2023/7/24
       ᠠᠭᠠᠭᠢᠮ᠎ᠠ ᠬᠠᠯᠠᠭᠤᠨ ᠵᠤᠨ ᠪᠣᠯᠬᠤ ᠳᠤ᠂ ᠦᠷᠭᠦᠯᠵᠢᠯᠡᠨ ᠥᠨᠳᠥᠷ ᠬᠠᠯᠠᠭᠤᠨ ᠦᠷᠬᠦᠯᠵᠢᠯᠡᠵᠦ᠂  ᠬᠤᠷ᠎ᠠ  ᠪᠣᠷᠣᠭᠠᠨ ᠠᠷᠪᠢᠨ ᠤᠷᠤᠳᠠᠭ᠃ ᠵᠤᠨ ᠤ ᠤᠯᠠᠷᠢᠯ ᠤᠨ ᠠᠭᠤᠷ ᠠᠮᠢᠰᠬᠤᠯ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ  ᠶᠠᠮᠠᠷ  ᠨᠥᠯᠥᠭᠡ ᠠᠪᠴᠢᠷᠠᠳᠠᠭ ᠪᠤᠢ︖ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠳᠤ ᠶᠠᠭᠤ ᠶᠠᠭᠤ ᠶᠢ ᠠᠩᠬᠠᠷᠬᠤ ᠭᠡᠷᠡᠭᠳᠡᠢ ᠪᠣᠶ︖             ︽ᠬᠠᠮᠤᠭ ᠤᠨ ᠴᠢᠬᠤᠯᠠ ᠨᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠠᠰᠠᠭᠤᠳᠠᠯ ᠪᠣᠯᠤᠨ᠎ᠠ︾  ᠭᠡᠵᠦ  ᠳᠤᠮᠳᠠᠳᠤ ᠤᠯᠤᠰ ᠤᠨ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳ᠋ᠢᠶᠠᠨ ᡂᠢ ᠪᠣᠯᠤᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠰᠤᠳᠤᠯᠭᠠᠨ ᠤ ᠲᠠᠰᠤᠭ ᠤᠨ  ᠡᠷᠬᠢᠯᠡᠭᠴᠢ  ᠸᠠᠩ ᠰᠢ ᠬᠡᠯᠡᠭᠰᠡᠨ ᠢᠶᠠᠨ ᠵᠠᠯᠭᠠᠭᠠᠳ᠂ ᠠᠭᠠᠬᠢᠮ᠎ᠠ  ᠬᠠᠯᠠᠭᠤᠨ ᠡᠳᠦᠷ  ᠮᠠᠰᠢᠨ  ᠲᠡᠷᠭᠡᠨ ᠳᠤ  ᠴᠠᠬᠢᠯᠭᠠᠨ  ᠴᠡᠨᠡᠭᠯᠡᠬᠦ ᠠᠴᠠ  ᠠᠯᠢ ᠴᠢᠳᠠᠬᠤ ᠪᠠᠷ ᠵᠠᠶᠢᠯᠠᠰᠬᠢᠪᠡᠯ ᠵᠣᠬᠢᠨ᠎ᠠ᠂ ᠠᠭᠠᠬᠢᠮ᠎ᠠ ᠬᠠᠯᠠᠭᠤᠨ ᠡᠳᠦᠷ ᠨᠢ ᠳ᠋ᠢᠶᠠᠨ ᡂᠢ ᠶᠢ ᠬᠡᠲᠦ ᠬᠠᠯᠠᠭᠠᠵᠤ᠂ ᠳ᠋ᠢᠶᠠᠨ  ᡂᠢ ᠶᠢᠨ ᠠᠮᠢ ᠨᠠᠰᠤ ᠶᠢ ᠠᠮᠠᠷᠬᠠᠨ ᠪᠤᠭᠤᠨᠢᠰᠬᠠᠬᠤ ᠶᠢᠨ ᠵᠡᠷᠭᠡ ᠪᠠᠷ ᠰᠠᠨᠠᠭᠠᠨ ᠳᠤ  ᠥᠬᠡᠶ  ᠬᠡᠷᠡᠭ ᠭᠠᠷᠴᠤ ᠮᠡᠳᠡᠨ᠎ᠡ᠃ ᠠᠶᠤᠩᠭᠠᠲᠤ ᠪᠣᠷᠣᠭᠠᠨ ᠤᠷᠤᠵᠤ ᠪᠠᠶᠢᠭ᠎ᠠ ᠪᠠᠶᠢᠳᠠᠯ ᠲᠤᠤᠷ᠎ᠠ᠂ ᠭᠠᠳᠠᠨ᠎ᠠ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ  ᠪᠤᠯᠬᠤ  ᠦᠭᠡᠢ  ᠭᠡᠵᠦ ᠬᠡᠯᠡᠪᠡ᠃              ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠲᠦᠴᠡ ᠶᠢᠨ ᠣᠨᠴᠠᠭᠠᠶ  ᠴᠢᠨᠠᠷ ᠠᠴᠠ  ᠪᠣᠯᠵᠣ᠂  ᠵᠣᠨ ᠤ  ᠤᠯᠠᠷᠢᠯ ᠳᠤ ᠴᠢᠳᠠᠬᠤ ᠶᠢᠨ ᠳᠣᠲᠣᠷ᠎ᠠ ᠨᠠᠷᠠ ᠬᠠᠯᠬᠠᠯᠠᠬᠤ ᠪᠤᠶᠤ  ᠰᠠᠯᠬᠢ ᠰᠠᠶᠢᠨ ᠨᠡᠪᠲᠡᠷᠡᠬᠦ  ᠭᠠᠵᠠᠷ ᠢ  ᠰᠣᠩᠭᠤᠵᠤ  ᠮᠠᠰᠢᠨ  ᠲᠡᠷᠭᠡ ᠪᠠᠨ ᠵᠣᠭᠰᠣᠭᠠᠵᠤ᠂ ᠰᠢᠲᠠᠮ᠎ᠠ ᠨᠡᠷᠡᠨ ᠳᠤ ᠣᠷᠳᠣ ᠬᠤᠭᠤᠴᠠᠭ᠎ᠠ ᠪᠠᠷ ᠰᠢᠷᠠᠬᠤ ᠠᠴᠠ ᠵᠠᠶᠢᠯᠠᠰᠬᠢᠬᠦ ᠬᠡᠷᠡᠭᠲᠡᠶ᠂ ᠢᠩᠭᠢᠪᠡᠯ ᠳ᠋ᠢᠶᠠᠨ ᡂᠢ ᠵᠡᠷᠭᠡ ᠲᠥᠬᠦᠭᠡᠷᠦᠮᠵᠢ ᠶᠢᠨ ᠢᠯᠴᠢ ᠰᠠᠷᠨᠢᠭᠤᠯᠬᠤ ᠪᠠ ᠬᠠᠯᠠᠭᠤᠨ ᠢ ᠪᠠᠭᠤᠷᠠᠭᠤᠯᠬᠤ ᠳᠤ  ᠨᠠᠩ  ᠠᠰᠢᠭᠲᠠᠶ ᠪᠠᠶᠢᠳᠠᠭ᠃  ᠪᠠᠰᠠ ᠮᠠᠰᠢᠨ ᠲᠡᠷᠭᠡ ᠴᠢᠨᠢ ᠴᠠᠬᠢᠯᠭᠠᠨ ᠤ ᠬᠡᠮᠵᠢᠶ᠎ᠡ ︵ᠦᠯᠡᠳᠡᠭᠰᠡᠨ ᠴᠠᠬᠢᠯᠭᠠᠨ ᠤ ᠬᠡᠮᠵᠢᠶ᠎ᠡ ᠨᠢ 20 % ᠠᠴᠠ  ᠪᠠᠭ᠎ᠠ︶ ᠪᠠᠷ  ᠪᠠᠭ᠎ᠠ ᠪᠠᠶᠢᠭ᠎ᠠ ᠪᠠᠶᠢᠳᠠᠯ ᠳᠤᠤᠷ᠎ᠠ ᠣᠷᠳᠣ ᠬᠤᠭᠤᠴᠠᠭ᠎ᠠ ᠪᠠᠷ ᠵᠣᠭᠰᠣᠭᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠳᠡᠢ᠂ ᠳ᠋ᠢᠶᠠᠨ ᡂᠢ ᠶᠢᠨ ᠪᠦᠯᠦᠭ ᠨᠢ ᠣᠷᠳᠣ ᠬᠤᠭᠤᠴᠠᠭ᠎ᠠ ᠪᠠᠷ ᠥᠨᠳᠥᠷ ᠬᠠᠯᠠᠭᠤᠨ ᠤ ᠨᠥᠬᠦᠴᠡᠯ ᠳᠤᠤᠷ᠎ᠠ ᠪᠠᠶᠢᠭᠠᠳ ᠪᠠᠶᠢᠪᠠᠯ ᠨᠠᠩ ᠠᠮᠠᠷᠬᠠᠨ ᠥᠪᠡᠰᠦᠪᠡᠨ ᠴᠠᠬᠢᠯᠭᠠᠨ ᠨᠢ ᠰᠠᠷᠨᠢᠬᠤ ᠦᠵᠡᠭᠳᠡᠯ ᠭᠠᠷᠳᠠᠭ᠃ ᠲᠤᠰᠬᠠᠶ ᠮᠡᠷᠭᠡᠵᠢᠯᠲᠡᠨ ᠰᠠᠨᠠᠭᠤᠯᠬᠤ  ᠳᠠᠭᠠᠨ᠂  ᠬᠡᠷᠪᠡ  ᠵᠣᠨ ᠤ ᠤᠯᠠᠷᠢᠯ ᠳᠤ ᠣᠷᠳᠣ ᠬᠤᠭᠤᠴᠠᠭ᠎ᠠ ᠪᠠᠷ ᠲᠡᠷᠭᠡ ᠬᠡᠷᠡᠭᠯᠡᠬᠦ ᠥᠬᠡᠶ ᠪᠣᠯ᠂ 30%  —  50% ᠶᠢᠨ  ᠴᠠᠬᠢᠯᠭᠠᠨ  ᠴᠡᠨᠡᠭ  ᠲᠠᠢ ᠪᠠᠶᠢᠬᠤ ᠪᠠᠶᠢᠳᠠᠯ ᠳᠤᠤᠷ᠎ᠠ ᠬᠠᠳᠠᠭᠠᠯᠠᠵᠤ ᠲᠠᠯᠪᠢᠪᠠᠯ ᠵᠣᠬᠢᠨ᠎ᠠ ᠬᠡᠪᠡ᠃            ᠵᠣᠨ ᠤ ᠤᠯᠠᠷᠢᠯ ᠳᠤ ᠪᠣᠷᠣᠭᠠᠨ ᠠᠷᠪᠢᠨ ᠤᠷᠤᠳᠠᠭ ᠪᠤᠯᠬᠤᠷ ᠪᠣᠷᠣᠭᠠᠨ ᠤ  ᠤᠰᠤᠨ ᠤ  ᠳᠣᠲᠣᠷᠠᠬᠢ  ᠪᠤᠳᠤᠯᠢᠶᠠᠨᠲᠠᠶ ᠪᠦᠷᠢᠯᠳᠦᠬᠦᠨ ᠨᠢ ᠴᠠᠬᠢᠯᠭᠠᠨ ᠮᠠᠰᠢᠨ᠂ ᠳ᠋ᠢᠶᠠᠨ ᡂᠢ ᠶᠢᠨ ᠬᠠᠯᠢᠰᠤᠯᠢᠭ ᠪᠡᠶ᠎ᠡ᠂ ᠮᠠᠰᠢᠨ  ᠲᠡᠷᠭᠡᠨ ᠤ  ᠪᠡᠶ᠎ᠡ  ᠵᠡᠷᠭᠡ  ᠲᠡᠮᠦᠷᠯᠢᠭ ᠲᠣᠨᠤᠭ ᠢ ᠵᠣᠬᠢᠬᠤ ᠬᠡᠮᠵᠢᠶ᠎ᠡ ᠪᠠᠷ ᠢᠳᠡᠭᠳᠡᠭᠦᠯᠬᠦ ᠪᠤᠶᠤ ᠤᠰᠤ  ᠤᠷᠤᠰᠬᠠᠯ  ᠭᠡᠲᠦᠯᠬᠦ  ᠦᠶ᠎ᠡ ᠳᠤ  ᠠᠮᠠᠷᠬᠠᠨ  ᠬᠥᠨᠳᠡᠶᠢᠷᠡᠭᠦᠯᠬᠦ ᠰᠠᠭᠠᠳ ᠭᠠᠷᠴᠤ ᠮᠡᠳᠡᠨ᠎ᠡ᠂ ᠡᠶᠢᠮᠦ ᠠᠴᠠ ᠠᠯᠢ ᠴᠢᠳᠠᠬᠤ ᠪᠠᠷ ᠤᠰᠤ ᠤᠷᠤᠰᠬᠠᠯ ᠭᠡᠲᠦᠯᠬᠦ ᠠᠴᠠ ᠵᠠᠶᠢᠯᠠᠰᠬᠢᠬᠦ ᠬᠡᠷᠡᠭᠲᠡᠶ᠂  ᠬᠡᠷᠪᠡ ᠮᠠᠰᠢᠨ ᠲᠡᠷᠭᠡ ᠪᠠᠷ ᠢᠶᠠᠨ ᠤᠰᠤ  ᠬᠤᠷᠠᠭᠰᠠᠨ ᠵᠠᠮ ᠢᠶᠠᠷ ᠥᠩᠭᠡᠷᠡᠬᠦ ᠳᠤ ᠭᠦᠷᠪᠡᠯ᠂ ᠤᠰᠤᠨ ᠤ ᠭᠦᠨ ᠢ ᠤᠷᠢᠳᠴᠢᠯᠠᠨ ᠮᠠᠭᠠᠳᠯᠠᠵᠤ᠂ ᠮᠠᠰᠢᠨ ᠲᠡᠷᠭᠡ ᠤᠰᠤᠨ ᠳᠤ ᠤᠷᠤᠬᠰᠠᠨ ᠤ ᠲᠠᠷᠠᠭ᠎ᠠ  ᠴᠠᠬᠢᠯᠭᠠᠨ  ᠭᠤᠭᠤᠵᠢᠬᠤ ᠠᠴᠠ ᠰᠡᠷᠭᠡᠶᠢᠯᠡᠬᠦ  ᠬᠡᠷᠡᠭᠲᠡᠶ᠃ ᠡᠭᠦᠨ ᠠᠴᠠ ᠭᠠᠳᠠᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠴᠦ  ᠪᠣᠶ  ᠪᠥᠬᠦᠶ ᠮᠠᠰᠢᠨ ᠲᠡᠷᠭᠡᠨ  ᠳᠤ  ᠭᠠᠷᠳᠠᠭ  ᠵᠣᠨ ᠤ ᠤᠯᠠᠷᠢᠯ ᠤᠨ ︽ᠥᠨᠳᠥᠷ ᠬᠠᠯᠠᠭᠤᠨ ᠤ ᠬᠡᠮ︾ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠬᠡᠷᠡᠭᠲᠡᠶ᠃ ᠵᠢᠱᠢᠶᠡᠯᠡᠪᠡᠯ ᠵᠣᠨ ᠤ ᠤᠯᠠᠷᠢᠯ ᠤᠨ ᠠᠭᠠᠬᠢᠮ᠎ᠠ ᠬᠠᠯᠠᠭᠤᠨ ᠡᠳᠦᠷ ᠳᠤᠭᠤᠶᠢᠯᠠᠪᠤᠷᠢ ᠶᠢᠨ ᠳᠠᠷᠤᠯᠲᠠ ᠠᠮᠠᠷᠬᠠᠨ ᠳᠡᠭᠡᠭᠰᠢᠯᠡᠵᠦ᠂  ᠬᠤᠯᠠ  ᠵᠠᠮ  ᠬᠦᠭᠡᠭᠡᠬᠦ ᠪᠤᠶᠤ ᠦᠨᠳᠦᠷ ᠬᠤᠷᠳᠤᠴᠠ ᠪᠠᠷ ᠠᠶᠠᠯᠠᠬᠤ ᠳᠤ ᠳᠤᠭᠤᠶᠢᠯᠠᠪᠤᠷᠢ ᠠᠮᠠᠷᠬᠠᠨ ᠬᠠᠭᠠᠷᠠᠳᠠᠭ᠂ ᠡᠶᠢᠮᠦ ᠠᠴᠠ ᠮᠠᠰᠢᠨ ᠲᠡᠷᠭᠡᠨ ᠤ ᠡᠵᠡᠨ ᠲᠡᠷᠭᠡᠨ ᠤ ᠪᠠᠨ ᠳᠤᠭᠤᠶᠢᠯᠠᠪᠤᠷᠢ ᠶᠢᠨ ᠳᠠᠷᠤᠯᠲᠠ ᠶᠢ ᠵᠣᠬᠢᠰᠲᠠᠶ ᠪᠠᠷ ᠪᠠᠭᠤᠷᠠᠭᠤᠯᠵᠤ ᠪᠣᠯᠤᠨ᠎ᠠ᠃  ᠮᠠᠰᠢᠨ ᠲᠡᠷᠭᠡ  ᠠᠶᠠᠨᠳᠠᠭᠠᠨ ᠨᠣᠴᠣᠬᠤ ᠶᠢ ᠰᠡᠷᠭᠡᠶᠢᠯᠡᠬᠦ ᠶᠢᠨ ᠲᠥᠯᠥᠭᠡ᠂  ᠮᠠᠰᠢᠨ  ᠲᠡᠷᠭᠡᠨ ᠳᠣᠲᠣᠷ᠎ᠠ  ᠪᠠᠨ ᠨᠣᠴᠣᠭᠠᠭᠤᠷ᠂  ᠴᠠᠬᠢᠯᠭᠠᠨ  ᠴᠡᠨᠡᠭᠯᠡᠬᠦᠷ᠂ ᠨᠡᠭᠦᠷᠡᠰᠦᠬᠦ᠋ᠴᠢᠯ ᠤᠨ ᠤᠮᠳᠠᠭᠠᠨ᠂ ᠦᠨᠦᠷᠲᠦ ᠤᠰᠤ ᠵᠡᠷᠭᠡ ᠪᠣᠳᠠᠰ ᠢ ᠪᠢᠳᠡᠭᠡᠢ ᠲᠠᠯᠪᠢᠭᠠᠷᠠᠢ᠃        
ᠢᠷᠡᠯᠲᠡ᠄ ᠠᠷᠠᠳ ᠤᠨ ᠰᠦᠯᠵᠢᠶ᠎ᠡ