1—5 ᠰᠠᠷ᠎ᠠ ᠳᠤ ᠳ᠋ᠦᠩᠱᠧᠩ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠲᠤᠭ᠎ᠠ 6.21 ᠳ᠋ᠦᠩᠰᠢᠭᠤᠷ ᠲᠦᠭᠦᠷᠢᠭ ᠲᠤ ᠬᠦᠷᠴᠡᠢ​
ᠨᠡᠶᠢᠲᠡᠯᠡᠭᠰᠡᠨ ᠴᠠᠭ᠄
2023/7/3
       ᠡᠨᠡ ᠵᠢᠯ ᠤᠨ1—5 ᠰᠠᠷ᠎ᠠ ᠳᠤ᠂ ᠳ᠋ᠦᠩᠱᠧᠩ ᠲᠤᠭᠤᠷᠢᠭ ᠨᠡᠶᠢᠲᠡ 4000 ᠭᠠᠷᠤᠢ ᠰᠢᠨ᠎ᠡ ᠡᠨᠧᠷᠭᠢ ᠶᠢᠨ ᠮᠠᠰᠢᠨ ᠳᠡᠷᠭᠡ ᠪᠤᠷᠤᠯᠠᠭᠤᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠳᠡᠷᠭᠡᠨ ᠤ ᠵᠢᠵᠢᠭᠯᠡᠨ ᠪᠤᠷᠤᠯᠠᠭᠤᠯᠤᠭᠰᠠᠨ ᠲᠤᠭ᠎ᠠ 6.21 ᠳ᠋ᠦᠩᠰᠢᠭᠤᠷ ᠲᠦᠭᠦᠷᠢᠭ ᠲᠤ ᠬᠦᠷᠴᠣ᠂ ᠠᠳᠠᠯᠢ ᠬᠤᠭᠤᠴᠠᠭᠠᠨ ᠤ ᠬᠢ ᠠᠴᠠ 68%᠎ ᠪᠠᠷ ᠨᠡᠮᠡᠭᠳᠡᠵᠡᠢ᠃       ᠳ᠋ᠦᠩᠰᠢᠭᠤᠷ ᠲᠤᠭᠤᠷᠢᠭ ᠤᠨ ᠲᠦᠩᠴᠤᠸᠠᠨ ᠮᠠᠰᠢᠨ ᠲᠡᠷᠭᠡᠨ ᠤ ᠦᠵᠡᠭᠦᠯᠭᠡ ᠶᠢᠨ ᠬᠦᠷᠢᠶᠡᠯᠡᠩ ᠤᠨ ᠹᠦ᠋ ᠪᠠᠩ ᠪᠢ ᠶᠠ ᠳ᠋ᠢ ᠮᠠᠰᠢᠨ ᠲᠡᠷᠭᠡᠨ ᠤ ᠪᠤᠷᠤᠯᠠᠭᠤᠯᠭ᠎ᠠ ᠶᠢᠨ ᠦᠢᠯᠡᠴᠢᠯᠡᠭᠡᠨ ᠤ ᠳᠡᠯᠭᠡᠭᠦᠷ ᠤᠨ ᠭᠠᠳᠠᠨ᠎ᠠ᠂  ᠤᠳᠠᠯ ᠦᠭᠡᠢ ᠡᠵᠡᠨ ᠳᠤᠨᠢ ᠲᠤᠰᠢᠶᠠᠬᠤ ᠭᠡᠵᠤ ᠪᠠᠶᠢᠭ᠎ᠠ ᠰᠢᠨ᠎ᠡ ᠡᠨᠧᠷᠭᠢ ᠶᠢᠨ ᠮᠠᠰᠢᠨ ᠳᠡᠷᠭᠡ ᠶᠢ ᠲᠦᠭᠦᠷᠡᠳᠡᠯ᠎ᠡ ᠵᠤᠭᠰᠣᠭᠠᠵᠤ᠂ ᠮᠠᠰᠢᠨ ᠲᠡᠷᠭᠡ ᠶᠢ ᠵᠢᠯᠤᠭᠤᠳᠴᠤ ᠦᠵᠡᠬᠦ ᠪᠠᠷ ᠢᠷᠡᠭᠰᠡᠨ ᠬᠡᠷᠡᠭᠯᠡᠭᠴᠢᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠯᠳᠣᠵᠤ ᠪᠠᠶᠢᠯ᠎ᠠ᠃ ︽ᠣᠳᠣᠬᠠᠨ ᠳᠤ ᠳᠣᠣᠷ᠎ᠠ ᠨᠡᠭᠦᠷᠡᠰᠦᠳᠦ᠋ᠷᠦᠭᠴᠢᠳᠦ ᠪᠤᠬᠢᠷᠳᠣᠯ ᠦᠭᠡᠢ ᠪᠠᠷ ᠠᠶᠠᠯᠠᠬᠤ ᠶᠢ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠪᠤᠯᠬᠤᠷ ᠵᠠᠰᠠᠭ ᠤᠨ ᠣᠷᠳᠣᠨ ᠠᠴᠠ ᠰᠢᠨ᠎ᠡ ᠡᠨᠧᠷᠭᠢ ᠶᠢᠨ ᠮᠠᠰᠢᠨ ᠳᠡᠷᠭᠡ ᠬᠤᠳᠠᠯᠳᠣᠨ ᠠᠪᠬᠤ ᠳᠤ ᠨᠦᠭᠦᠪᠦᠷᠢ ᠥᠭᠴᠦ ᠪᠠᠶᠢᠨ᠎ᠠ᠂  ᠦᠷᠭᠡᠨ ᠣᠯᠠᠨ ᠬᠡᠷᠡᠭᠯᠡᠭᠴᠢ ᠴᠤ ᠮᠠᠰᠢᠨ ᠳᠡᠷᠭᠡ ᠬᠤᠳᠠᠯᠳᠣᠨ ᠠᠪᠬᠤ ᠦᠪᠡᠷ ᠤᠨ ᠥᠷᠳᠡᠭ ᠢ ᠬᠦᠯᠢᠶᠡᠨ ᠠᠪᠴᠤ ᠪᠠᠶᠢᠨ᠎ᠠ᠂ ᠡᠨᠡ ᠵᠢᠯ ᠤᠨ ᠪᠤᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 30%—40%᠎ ᠪᠠᠷ ᠨᠡᠮᠡᠭᠳᠡᠵᠡᠢ︾ ᠭᠡᠵᠤ ᠳᠡᠯᠭᠡᠭᠦᠷ ᠤᠨ ᠦᠵᠡᠭᠦᠯᠭᠡ ᠶᠢᠨ ᠲᠢᠩᠭᠢᠮ ᠤᠨ ᠳᠠᠭᠠᠭᠠᠮᠠᠯ ᠱᠢ ᠷᠦᠢ ᠶᠦᠩ ᠶᠠᠷᠢᠨ᠎ᠠ᠃       ᠦᠢᠯᠠᠭᠠᠭᠰᠠᠨ ᠢᠶᠠᠷ᠂ ᠭᠤᠸᠠᠩᠵᠸᠤ ᠶᠢᠨ ᠮᠠᠰᠢᠨ ᠲᠡᠷᠭᠡᠨ ᠤ ᠠᠢ ᠠᠨ ᠰᠢᠨ᠎ᠡ ᠡᠨᠧᠷᠭᠢ ᠶᠢᠨ ᠮᠠᠰᠢᠨ ᠳᠡᠷᠭᠡᠨ ᠤ 4S ᠳᠡᠯᠭᠡᠭᠦᠷ ᠴᠤ ᠤᠳᠠᠯ ᠦᠭᠡᠢ ᠮᠠᠨ ᠤ ᠬᠤᠲᠠ ᠳᠤ ᠨᠤᠲᠤᠭᠰᠢᠵᠤ᠂ ᠬᠡᠷᠡᠭᠯᠡᠭᠴᠢᠳ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠣᠨ ᠠᠪᠬᠤ ᠳᠤ ᠨᠡᠩ ᠤᠯᠠᠨ ᠰᠣᠩᠭᠤᠯᠳᠠ ᠬᠢᠬᠦ ᠣᠷᠣᠨ ᠵᠠᠢ ᠎ ᠲᠠᠢ ᠪᠤᠯᠤᠨ᠎ᠠ᠃ ᠣᠳᠣᠬᠠᠨ ᠳᠤ ᠦᠪᠡᠷ ᠤᠨ ᠥᠷᠳᠡᠭ ᠨᠢ ᠳᠣᠣᠷ᠎ᠠ᠂ ᠦᠷᠭᠦᠯᠵᠢᠯᠡᠨ ᠠᠶᠠᠯᠠᠬᠤ ᠳᠤ ᠬᠦᠢᠴᠡᠳ ᠬᠦᠳᠡᠯᠭᠡᠭᠴᠢ ᠬᠦᠴᠦᠨ ᠲᠠᠢ᠂ ᠳᠠᠪᠠᠭᠤᠯᠢᠭ ᠲᠠᠯ᠎ᠠ ᠎ ᠪᠠᠷ ᠲᠤᠪᠤᠶᠢᠮ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠶᠠᠪᠤᠬᠤ ᠳᠣᠳᠣᠮ ᠬᠡᠷᠡᠭᠯᠡᠭᠴᠢᠳ ᠤᠨ ᠳᠠᠭᠠᠰᠢᠶᠠᠯ ᠢ ᠣᠯᠵᠤ ᠪᠠᠶᠢᠨ᠎ᠠ᠃ ᠢᠯᠠᠩᠭᠤᠶ᠎ᠠ ᠵᠠᠷᠢᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠤᠶᠤᠨᠴᠢᠯᠠᠭᠰᠠᠨ ᠴᠢᠳᠠᠮᠵᠢ ᠨᠢ ᠬᠡᠷᠡᠭᠯᠡᠭᠴᠢᠳ ᠤᠨ ᠬᠤᠳᠠᠯᠳᠣᠨ ᠠᠪᠬᠤ ᠣᠷᠮᠠᠰᠢᠯ ᠢ ᠶᠡᠭᠡ ᠪᠠᠷ ᠬᠦᠭᠵᠢᠭᠡᠭᠰᠡᠨ ᠪᠠᠶᠢᠨ᠎ᠠ᠃
ᠢᠷᠡᠯᠲᠡ᠄ ᠣᠷᠳᠣᠰ ᠤᠨ ᠡᠳᠣᠷ ᠤᠨ ᠰᠣᠨᠢᠨ