7 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︕ ᠥᠪᠥᠷ ᠮᠣᠩᠭᠤᠯ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠴᠢᠬᠤᠯᠠ ᠮᠡᠳᠡᠭᠳᠡᠯ ᠨᠡᠶᠢᠲᠡᠯᠡᠪᠡ
ᠨᠡᠶᠢᠲᠡᠯᠡᠭᠰᠡᠨ ᠴᠠᠭ᠄
2023/7/4
       ᠰᠤᠳᠤᠯᠬᠤ ᠪᠠᠷ ᠳᠠᠮᠵᠢᠭᠠᠳ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠦᠷᠡᠵᠢᠯ ᠤᠨ ᠳᠠᠭᠠᠳᠬᠠᠯ ᠤᠨ ᠡᠮ ᠡᠮᠨᠡᠯᠭᠡ ᠶᠢᠨ ᠣᠯᠭᠤᠮᠵᠢ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃         ᠨᠢᠭᠡ᠂ ᠬᠥᠩᠭᠡᠵᠢᠬᠦ ᠪᠠᠷ ᠡᠮᠨᠡᠯᠭᠡ ᠳᠤ ᠰᠠᠭᠤᠬᠤ ᠲᠤᠬᠠᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠤᠷᠤᠭ ᠤᠨᠠᠭᠠᠬᠤ᠂ ᠦᠷᠡᠵᠢᠬᠦ ᠶᠢ ᠬᠢᠵᠠᠭᠠᠷᠯᠠᠬᠤ ᠪᠤᠶᠤ ᠦᠷᠡᠵᠢᠬᠦ ᠶᠢ ᠵᠣᠭᠰᠣᠭᠠᠬᠤ ᠮᠡᠰᠡ ᠵᠠᠰᠠᠯ ᠬᠢᠭᠰᠡᠨ ᠠᠴᠠ ᠪᠤᠯᠤᠬᠰᠠᠨ ᠡᠮ ᠡᠮᠨᠡᠯᠭᠡ ᠶᠢᠨ ᠲᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ  ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠬᠰᠠᠨ ᠡᠮᠴᠢᠯᠡᠭᠡᠨ ᠤ ᠵᠠᠷᠤᠳᠠᠯ ᠳᠤ ᠣᠯᠭᠤᠮᠵᠢ ᠥᠭᠬᠦ ᠡᠬᠢᠯᠡᠯᠲᠡ ᠶᠢᠨ ᠱᠤᠭᠤᠮ ᠲᠣᠬᠢᠷᠠᠭᠤᠯᠬᠤ ᠦᠭᠡᠶ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠶ ᠪᠠᠷ ᠦᠭᠭᠦᠨ᠎ᠡ᠃       ᠬᠤᠶᠠᠷ᠂ ᠬᠦᠡᠭᠭᠡᠵᠢᠯᠳᠡ ᠶᠢᠨ  ᠡᠭᠦᠳᠡᠨ  ᠡᠮᠨᠡᠯᠭᠡ       ︵ᠨᠢᠭᠡ︶ ᠡᠮᠡᠭᠲᠡᠶ ᠠᠵᠢᠯᠲᠠᠨ ᠠᠵᠢᠯᠴᠢᠨ ᠤ ᠵᠢᠷᠮᠦᠰᠦᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶᠢᠯᠠᠬᠤ ᠬᠤᠭᠤᠴᠠᠭᠠᠨ ᠳᠤ ᠭᠠᠷᠤᠭᠰᠠᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ  ᠨᠡᠶᠢᠴᠡᠬᠦ  ᠡᠭᠦᠳᠡᠨ ᠡᠮᠨᠡᠯᠭᠡ ᠶᠢᠨ ᠬᠦᠡᠭᠭᠡᠵᠢᠯᠳᠡ ᠶᠢᠨ ᠪᠠᠶᠢᠴᠠᠭᠠᠯᠲᠠ ᠶᠢᠨ ᠵᠠᠷᠤᠳᠠᠯ ᠳᠤ ᠣᠯᠭᠤᠮᠵᠢ ᠥᠭᠬᠦ ᠡᠬᠢᠯᠡᠯᠲᠡ ᠶᠢᠨ ᠱᠤᠭᠤᠮ ᠵᠢᠴᠢ ᠳᠡᠭᠡᠳᠦ ᠬᠢᠵᠠᠭᠠᠷ ᠢ ᠲᠣᠭᠲᠠᠭᠠᠬᠤ ᠦᠭᠡᠶ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠶ ᠪᠠᠷ ᠦᠭᠭᠦᠨ᠎ᠡ᠃       ︵ᠬᠤᠶᠠᠷ︶ ᠡᠭᠦᠳᠡᠨ ᠡᠮᠨᠡᠯᠭᠡ ᠶᠢᠨ ᠤᠷᠤᠭ ᠤᠨᠠᠭᠠᠬᠤ ᠪᠤᠶᠤ ᠦᠷᠡᠵᠢᠬᠦ ᠶᠢ ᠬᠢᠵᠠᠭᠠᠷᠯᠠᠬᠤ ᠮᠡᠰᠡ ᠵᠠᠰᠠᠯ  ᠬᠢᠬᠦ ᠳᠤ᠂ ᠣᠯᠭᠤᠮᠵᠢ ᠥᠭᠬᠦ  ᠡᠬᠢᠯᠡᠯᠲᠡ ᠶᠢᠨ  ᠱᠤᠭᠤᠮ  ᠲᠣᠭᠲᠠᠭᠠᠬᠤ  ᠦᠭᠡᠶ᠂  ᠡᠮ  ᠡᠮᠨᠡᠯᠭᠡ ᠶᠢᠨ  ᠳᠠᠭᠠᠳᠬᠠᠯ ᠤᠨ  ᠲᠥᠷᠥ ᠵᠢᠨ‌‍ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠳᠤ ᠣᠯᠭᠤᠮᠵᠢ ᠥᠭᠬᠦ ᠲᠠᠯ᠎ᠠ ᠪᠠᠷ 2000 ᠲᠥᠭᠦᠷᠢᠭ ᠢᠶᠠᠷ ᠬᠢᠵᠠᠭᠠᠷᠯᠠᠵᠤ᠂  ᠬᠢᠵᠠᠭᠠᠷᠯᠠᠭᠰᠠᠨ  ᠲᠤᠭ᠎ᠠ ᠠᠴᠠ  ᠬᠡᠲᠦᠷᠡᠭᠰᠡᠨ ᠬᠡᠰᠡᠭ ᠲᠤᠨᠢ ᠣᠯᠭᠤᠮᠵᠢ ᠥᠭᠬᠦ ᠦᠭᠡᠶ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠶ ᠪᠠᠷ ᠦᠭᠭᠦᠨ᠎ᠡ᠃        ︵ᠭᠤᠷᠪᠠ︶ ᠡᠭᠦᠳᠡᠨ ᠡᠮᠨᠡᠯᠭᠡ ᠶᠢᠨ ᠦᠷᠡᠵᠢᠬᠦ ᠶᠢ ᠵᠣᠭᠰᠣᠭᠠᠬᠤ ᠮᠡᠰᠡ ᠵᠠᠰᠠᠯ ᠬᠢᠬᠦ ᠳᠤ᠂ ᠣᠯᠭᠤᠮᠵᠢ ᠥᠭᠬᠦ ᠡᠬᠢᠯᠡᠯᠲᠡ ᠶᠢᠨ ᠱᠤᠭᠤᠮ ᠲᠣᠭᠲᠠᠭᠠᠬᠤ ᠦᠭᠡᠶ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠎ ᠳᠤ  ᠣᠯᠭᠤᠮᠵᠢ  ᠥᠭᠬᠦ ᠲᠠᠯ᠎ᠠ ᠪᠠᠷ 2500 ᠲᠥᠭᠦᠷᠢᠭ ᠢᠶᠠᠷ ᠬᠢᠵᠠᠭᠠᠷᠯᠠᠵᠤ᠂ ᠬᠢᠵᠠᠭᠠᠷᠯᠠᠭᠰᠠᠨ ᠲᠤᠭ᠎ᠠ ᠠᠴᠠ  ᠬᠡᠲᠦᠷᠡᠭᠰᠡᠨ ᠬᠡᠰᠡᠭ ᠲᠤᠨᠢ ᠣᠯᠭᠤᠮᠵᠢ  ᠥᠭᠬᠦ ᠦᠭᠡᠶ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠶ ᠪᠠᠷ ᠦᠭᠭᠦᠨ᠎ᠡ᠃        ᠭᠤᠷᠪᠠ᠂ ᠦᠷᠡᠵᠢᠯ ᠤᠨ ᠨᠡᠮᠡᠭᠦᠷᠢ ᠮᠦᠡᠭᠭᠦ ᠶᠢᠨ ᠪᠠᠷᠢᠮᠵᠢᠶ᠎ᠠ        ︵ᠨᠢᠭᠡ︶ ᠡᠳ᠋ ᠤᠨ ᠵᠠᠰᠠᠭ ᠤᠨ ᠠᠰᠠᠷᠠᠨ ᠲᠡᠵᠢᠭᠡᠬᠦ ᠪᠤᠰᠤ ᠨᠢᠭᠡᠴᠡ ᠵᠢᠨ‌‍ᠲ᠋ᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ ᠮᠦᠡᠭᠭᠦ ᠶᠢ ᠬᠥᠮᠦᠨ ᠬᠡᠷᠡᠭᠯᠡᠬᠦ ᠨᠢᠭᠡᠴᠡ ᠶᠢᠨ ᠲᠦᠷᠦᠬᠦᠦ ᠵᠢᠯ ᠤᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ  ᠰᠦᠢᠳᠭᠡᠯ ᠲᠤᠰᠢᠶᠠᠬᠰᠠᠨ ᠰᠠᠭᠤᠷᠢ ᠲᠤᠭ᠎ᠠ ᠪᠠᠷ ᠪᠣᠳᠣᠵᠤ  ᠣᠯᠭᠤᠬᠤ ᠪᠠᠷᠢᠮᠵᠢᠶ᠎ᠠ ᠪᠣᠯᠭᠠᠨ᠎ᠠ᠃ ᠡᠷᠡᠭᠲᠡᠶ ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠥᠭᠡ ᠶᠢᠨ ᠨᠡᠮᠡᠭᠦᠷᠢ ᠮᠦᠡᠭᠭᠦ ᠶᠢ ᠠᠳᠠᠯᠢ ᠰᠠᠭᠤᠷᠢ ᠲᠤᠭ᠎ᠠ ᠶᠢᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃         ︵ᠬᠤᠶᠠᠷ︶ ᠲᠤᠰ ᠵᠢᠯ ᠤᠨ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠡᠳ᠋ ᠤᠨ  ᠵᠠᠰᠠᠭ ᠤᠨ ᠠᠰᠠᠷᠠᠨ ᠲᠡᠵᠢᠭᠡᠬᠦ ᠪᠤᠰᠤ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ ᠮᠦᠡᠭᠭᠦ ᠶᠢ ᠠᠵᠢᠯᠲᠠᠨ ᠠᠵᠢᠯᠴᠢᠨ ᠤ ᠬᠦᠡᠭᠭᠡᠵᠢᠭᠰᠡᠨ ᠲᠡᠷᠡ ᠰᠠᠷ᠎ᠠ ᠳᠤᠨᠢ ᠨᠢᠭᠡᠴᠡ ᠶᠢᠨ ᠬᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ  ᠳᠤᠮᠳᠠᠴᠢ ᠰᠦᠢᠳᠭᠡᠯ ᠲᠤᠰᠢᠶᠠᠬᠰᠠᠨ ᠰᠠᠭᠤᠷᠢ  ᠲᠤᠭ᠎ᠠ ᠪᠠᠷ  ᠦᠷᠡᠵᠢᠯ ᠤᠨ  ᠨᠡᠮᠡᠭᠦᠷᠢ  ᠮᠦᠡᠭᠭᠦ ᠎ ᠶᠢ  ᠪᠣᠳᠣᠵᠤ  ᠣᠯᠭᠤᠬᠤ  ᠪᠠᠷᠢᠮᠵᠢᠶ᠎ᠠ ᠪᠣᠯᠭᠠᠨ᠎ᠠ᠃       
ᠢᠷᠡᠯᠲᠡ᠄ ᠠᠷᠠᠳ ᠤᠨ ᠰᠦᠯᠵᠢᠶ᠎ᠡ