1. ᠬᠡᠷᠡᠭᠯᠡᠭᠴᠢᠳ ᠪᠠ ᠡᠵᠡᠩᠨᠡᠭᠴᠢᠳ ᠤᠨ ᠬᠤᠭᠤᠷᠣᠨᠳᠤ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠠᠰᠠᠭᠤᠳᠠᠯ ᠤᠨ ᠲᠤᠬᠠᠢ ᠮᠠᠷᠭᠤᠯᠳᠤᠭᠠᠨ ᠭᠠᠷᠪᠠᠯ | ᠬᠠᠮᠢᠭ᠎ᠠ ᠣᠴᠢᠵᠤ ᠵᠠᠭᠠᠯᠳᠤᠬᠤ ᠪᠤᠶ︖ | ᠬᠠᠷᠢᠭᠤᠯᠲᠠ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ ᠪᠠᠶᠢᠭᠤᠯᠤᠮᠵᠢ ︵ᠲᠠᠷᠢᠶᠠᠯᠠᠩ ᠤᠨ ᠮᠠᠰᠢᠨ ᠤ | ᠵᠠᠭᠠᠯᠳᠤᠯᠭ᠎ᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠳᠤ ᠵᠠᠭᠠᠯᠳᠤᠵᠤ ᠪᠣᠯᠣᠨ᠎ᠠ᠂ ᠪᠠᠰᠠ ᠲᠤᠬᠠᠢ ᠶᠢᠨ ᠭᠠᠵᠠᠷ ᠤᠨ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠵᠣᠬᠢᠶᠠᠨ ᠪᠠᠶᠢᠭᠤᠯᠤᠯᠲᠠ ᠳᠤ ᠵᠠᠭᠠᠯᠳᠤᠵᠤ ᠪᠣᠯᠣᠨ᠎ᠠ᠃ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠬᠠᠤᠯᠢ ᠶᠣᠰᠣᠭᠠᠷ | ᠡᠶᠡᠳᠡᠭᠦᠯᠦᠨ᠎ᠡ᠃ ︽ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠶᠢ ᠬᠢᠨᠠᠨ ᠬᠠᠮᠢᠶᠠᠷᠬᠤ ᠠᠷᠭ᠎ᠠ︾ ᠳᠤ᠂ ᠰᠢᠶᠠᠨ ᠤ ᠱᠠᠲᠤᠨ ᠠᠴᠠ ᠳᠡᠭᠡᠭᠰᠢᠬᠢ | ᠲᠠᠷᠢᠶᠠᠯᠠᠩ ᠤᠨ ᠮᠠᠰᠢᠨᠴᠢᠯᠡᠯᠲᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠤᠨ ᠮᠠᠰᠢᠨ ᠤ ᠵᠠᠭᠠᠯᠳᠤᠯᠭ᠎ᠠ ᠶᠢᠨ ᠪᠠᠶᠢᠭᠤᠯᠤᠮᠵᠢ ᠶᠢ | ᠲᠣᠳᠣᠷᠬᠠᠶᠢᠯᠠᠬᠤ ᠬᠡᠷᠡᠭᠲᠡᠢ ᠭᠡᠵᠦ ᠲᠣᠭᠲᠠᠭᠠᠪᠠ᠃ | 2. ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠨᠢ ᠶᠠᠭᠤ ᠪᠤᠢ︖ | ᠬᠠᠷᠢᠭᠤᠯᠲᠠ᠄ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ᠂ ᠠᠵᠢᠯ ᠤᠨ ᠶᠠᠰᠤ ᠴᠢᠨᠠᠷ᠂ ᠰᠡᠯᠪᠢᠨ ᠵᠠᠰᠠᠬᠤ ᠶᠠᠰᠤ ᠴᠢᠨᠠᠷ ᠪᠠ | ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠠᠴᠠ ᠪᠣᠯᠤᠭᠰᠠᠨ ᠮᠠᠷᠭᠤᠯᠳᠤᠭᠠᠨ ᠪᠦᠬᠦᠨ ᠢ ᠴᠥᠮ ᠵᠠᠭᠠᠯᠳᠤᠵᠤ ᠪᠣᠯᠣᠨ᠎ᠠ᠃ ᠲᠠᠷᠢᠶᠠᠯᠠᠩ ᠤᠨ ᠮᠠᠰᠢᠨ ᠤ | ᠦᠢᠯᠡᠳᠬᠦᠨ ᠢ ᠵᠠᠭᠠᠭᠯᠠᠨ ᠲᠣᠭᠲᠠᠭᠠᠬᠤ ᠳᠤ NY/T1640-2021 ︽ᠲᠠᠷᠢᠶᠠᠯᠠᠩ ᠤᠨ ᠮᠠᠰᠢᠨ ᠤ ᠠᠩᠭᠢᠯᠠᠯ︾ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | | 3. ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠬᠢᠬᠦ ᠳᠤ ᠰᠦᠢᠳᠬᠡᠯ ᠬᠤᠷᠢᠶᠠᠬᠤ ᠦᠦ︖ | ᠬᠠᠷᠢᠭᠤᠯᠲᠠ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠ ᠡᠶᠡᠳᠡᠭᠦᠯᠬᠦ ᠳᠤ ᠲᠥᠯᠥᠪᠦᠷᠢ | ᠦᠭᠡᠢ ᠦᠢᠯᠡᠴᠢᠯᠡᠭᠡ ᠬᠠᠩᠭᠠᠨ᠎ᠠ᠃ ᠭᠡᠪᠡᠴᠦ ᠡᠶᠡᠳᠡᠭᠦᠯᠭᠡ ᠶᠢᠨ ᠳᠤᠮᠳᠠ ᠰᠢᠯᠭᠠᠨ ᠪᠠᠶᠢᠴᠠᠭᠠᠯᠲᠠ ᠪᠤᠶᠤ ᠮᠡᠷᠭᠡᠵᠢᠯ ᠤᠨ ᠰᠢᠯᠭᠠᠨ ᠲᠣᠭᠲᠠᠭᠠᠯᠲᠠ ᠬᠢᠬᠦ ᠴᠢᠬᠤᠯᠠᠲᠠᠢ | ᠪᠠᠶᠢᠪᠠᠯ᠂ ᠮᠠᠷᠭᠤᠯᠳᠤᠭᠰᠠᠨ ᠬᠤᠶᠠᠷ ᠲᠠᠯ᠎ᠠ ᠪᠠᠷ ᠢᠶᠠᠨ ᠰᠢᠯᠭᠠᠨ ᠪᠠᠶᠢᠴᠠᠭᠠᠯᠲᠠ ᠪᠤᠶᠤ ᠰᠢᠯᠭᠠᠨ ᠲᠣᠭᠲᠠᠭᠠᠯᠲᠠ ᠶᠢ ᠬᠡᠷᠡᠭᠵᠢᠭᠦᠯᠬᠦ ᠬᠠᠤᠯᠢ ᠪᠠᠷ ᠲᠣᠭᠲᠠᠭᠠᠭᠰᠠᠨ | ᠪᠠᠶᠢᠭᠤᠯᠤᠮᠵᠢ ᠶᠢ ᠵᠥᠪᠳᠡᠯᠴᠡᠨ ᠲᠣᠭᠲᠠᠭᠠᠨ᠎ᠠ᠃ ᠰᠢᠯᠭᠠᠨ ᠪᠠᠶᠢᠴᠠᠭᠠᠬᠤ ᠪᠤᠶᠤ ᠰᠢᠯᠭᠠᠨ ᠲᠣᠭᠲᠠᠭᠠᠬᠤ ᠳᠤ ᠡᠭᠦᠰᠦᠭᠰᠡᠨ ᠵᠠᠷᠤᠳᠠᠯ ᠢ ᠬᠠᠷᠢᠭᠤᠴᠠᠯᠭ᠎ᠠ ᠲᠠᠢ ᠲᠠᠯ᠎ᠠ | ᠡᠭᠦᠷᠭᠡᠯᠡᠨ᠎ᠡ᠃ ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠩ ᠤᠨ ᠪᠠᠶᠢᠳᠠᠯ ᠳᠤ ᠨᠠᠶᠢᠳᠠᠵᠤ ᠰᠢᠯᠭᠠᠨ ᠪᠠᠶᠢᠴᠠᠭᠠᠯᠭᠠᠬᠤ ᠪᠤᠶᠤ ᠰᠢᠯᠭᠠᠨ ᠲᠣᠭᠲᠠᠭᠠᠯᠭᠠᠬᠤ ᠬᠤᠶᠠᠷ | ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠃ | 4. ᠲᠠᠷᠢᠶᠠᠯᠠᠩ ᠤᠨ ᠮᠠᠰᠢᠨ ᠤ ᠵᠠᠭᠠᠯᠳᠤᠯᠭ᠎ᠠ ᠶᠢᠨ ᠪᠠᠶᠢᠭᠤᠯᠤᠮᠵᠢ ᠶᠠᠮᠠᠷ ᠲᠥᠷᠥᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ ᠪᠣᠯᠬᠤ ᠪᠣᠶ︖ | | ᠬᠠᠷᠢᠭᠤᠯᠲᠠ᠄ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ᠂ ᠠᠵᠢᠯ ᠤᠨ ᠶᠠᠰᠤ ᠴᠢᠨᠠᠷ᠂ ᠰᠡᠯᠪᠢᠨ ᠵᠠᠰᠠᠬᠤ ᠶᠠᠰᠤ ᠴᠢᠨᠠᠷ ᠪᠠ | ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠲᠠᠯ᠎ᠠ ᠶᠢᠨ ᠮᠠᠷᠭᠤᠯᠳᠤᠭᠠᠨ ᠠᠴᠠ ᠪᠣᠯᠤᠭᠰᠠᠨ ᠵᠠᠭᠠᠯᠳᠤᠯᠭ᠎ᠠ ᠶᠢ ᠴᠥᠮ ᠬᠦᠯᠢᠶᠡᠨ ᠠᠪᠴᠤ ᠰᠢᠢᠳᠪᠦᠷᠢᠯᠡᠵᠦ | ᠪᠣᠯᠣᠨ᠎ᠠ᠃ ᠵᠠᠭᠠᠯᠳᠤᠭᠴᠢ ᠨᠢ ᠲᠠᠷᠢᠶᠠᠯᠠᠩ ᠤᠨ ᠮᠠᠰᠢᠨ ᠤ ᠥᠮᠴᠢᠯᠡᠭᠴᠢ᠂ ᠬᠡᠷᠡᠭᠯᠡᠭᠴᠢ ᠪᠤᠶᠤ ᠲᠡᠭᠦᠨ ᠤ ᠲᠥᠯᠥᠭᠡᠯᠡᠭᠴᠢ ᠪᠠᠶᠢᠬᠤ ᠬᠡᠷᠡᠭᠲᠡᠢ᠃ | 5. ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ ᠠᠵᠢᠯ ᠤᠨ ᠵᠠᠷᠴᠢᠮ ᠨᠢ ᠶᠠᠭᠤ ᠪᠣᠶ︖ | ᠬᠠᠷᠢᠭᠤᠯᠲᠠ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ︽ᠬᠠᠷᠢᠶ᠎ᠠ ᠣᠷᠣᠨ ᠳᠤᠨᠢ | ᠬᠠᠮᠢᠶᠠᠷᠤᠭᠤᠯᠬᠤ᠂ ᠣᠶᠢᠷᠠᠯᠴᠠᠭ᠎ᠠ ᠭᠠᠵᠠᠷ ᠲᠤᠨᠢ ᠰᠢᠢᠳᠪᠦᠷᠢᠯᠡᠬᠦ᠂ ᠤᠷᠢᠳᠠᠪᠠᠷ ᠠᠰᠠᠭᠤᠬᠤ ᠳᠤ ᠬᠠᠷᠢᠭᠤᠴᠠᠬᠤ᠂ ᠲᠥᠯᠥᠪᠦᠷᠢ ᠦᠭᠡᠢ ᠪᠠᠷ ᠦᠢᠯᠡᠴᠢᠯᠡᠬᠦ︾ | ᠵᠠᠷᠴᠢᠮ ᠢ ᠵᠢᠷᠤᠮᠯᠠᠨ ᠠᠵᠢᠯ ᠢᠶᠠᠨ ᠥᠷᠨᠢᠭᠦᠯᠦᠨ᠎ᠡ᠃ ᠭᠤᠷᠪᠠ ᠶᠢ ᠳᠠᠭᠠᠭᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠠᠬᠢ ᠵᠠᠭᠠᠯᠳᠤᠯᠭ᠎ᠠ ᠶᠢ ᠶᠡᠷᠦ ᠳᠡᠭᠡᠨ | ᠬᠡᠷᠡᠭᠯᠡᠭᠴᠢᠳ ᠤᠨ ᠮᠠᠰᠢᠨ ᠬᠤᠳᠠᠯᠳᠤᠨ ᠠᠪᠤᠭᠰᠠᠨ ᠭᠠᠵᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠠᠷᠢᠭᠤᠴᠠᠨ ᠰᠢᠢᠳᠪᠦᠷᠢᠯᠡᠨ᠎ᠡ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠪᠤᠶᠤ ᠱᠠᠲᠤ ᠠᠯᠤᠰᠯᠠᠨ ᠵᠠᠭᠠᠯᠳᠤᠭᠰᠠᠨ ᠡᠩ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠠᠴᠠ | ᠲᠤᠬᠠᠢ ᠶᠢᠨ ᠭᠠᠵᠠᠷ ᠤᠨ ᠵᠠᠭᠠᠯᠳᠤᠬᠤ ᠪᠠᠶᠢᠭᠤᠯᠤᠮᠵᠢ ᠳᠤ ᠰᠢᠯᠵᠢᠭᠦᠯᠦᠨ ᠰᠢᠢᠳᠪᠦᠷᠢᠯᠡᠭᠦᠯᠵᠦ ᠪᠣᠯᠣᠨ᠎ᠠ᠂ ᠭᠡᠪᠡᠴᠦ ᠮᠥᠨ ᠯᠡ ᠲᠤᠰ ᠬᠡᠷᠡᠭ ᠢ ᠱᠠᠭᠠᠷᠳᠠᠨ | ᠰᠢᠢᠳᠪᠦᠷᠢᠯᠡᠭᠦᠯᠬᠦ ᠪᠠ ᠬᠠᠷᠢᠭᠤᠯᠲᠠ ᠥᠭᠬᠦ ᠬᠠᠷᠢᠭᠤᠴᠠᠯᠭ᠎ᠠ ᠲᠠᠢ᠃ | |