| | ᠰᠤᠷᠭᠠᠭᠤᠯᠢ ᠶᠢᠨ ᠬᠦᠷᠢᠶ᠎ᠡ ᠶᠢ ᠬᠠᠮᠤᠭ ᠤᠨ ᠠᠮᠤᠷ ᠲᠦᠪᠰᠢᠨ ᠭᠠᠵᠠᠷ ᠪᠣᠯᠭᠠᠨ ᠪᠠᠶᠢᠭᠤᠯᠵᠤ ᠠᠷᠠᠳ ᠲᠤ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ | ᠡᠷᠭᠢᠯᠡᠬᠦ ᠶᠢᠨ ᠲᠦᠯᠦᠬᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠵᠡᠷᠭᠡ ᠠᠷᠪᠠᠨ ᠨᠢᠭᠡᠨ ᠰᠠᠯᠠᠭ᠎ᠠ ᠮᠥᠴᠢᠷ | ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠷᠤᠮᠵᠢᠯᠠᠯ ᠢ ᠶᠡᠷᠦᠩᠬᠡᠶᠢᠯᠡᠨ | ᠵᠠᠰᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠲᠥᠰᠥᠯ︾ ᠳᠤ᠂ ᠰᠣᠷᠣᠭᠴᠢᠳ ᠤᠨ ᠲᠤᠷᠤᠮᠵᠢᠯᠠᠯ ᠤᠨ ᠵᠠᠭᠠᠭ ᠬᠢᠵᠠᠭᠠᠷ ᠢ ᠲᠣᠳᠣᠷᠬᠠᠢ ᠲᠣᠭᠲᠠᠭᠠᠵᠤ᠂ ︽ᠰᠤᠷᠭᠠᠨ ᠬᠥᠮᠥᠵᠢᠭᠦᠯᠬᠦ ᠶᠢ ᠲᠡᠷᠢᠭᠦᠨ ᠳᠤ | ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠪᠠᠷ ᠦᠨᠳᠦᠰᠦ ᠪᠣᠯᠭᠠᠬᠤ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠬᠤ︾ | ᠵᠠᠷᠴᠢᠮ ᠢ ᠪᠠᠷᠢᠮᠲᠠᠯᠠᠨ᠂ ᠭᠤᠷᠪᠠᠨ ᠵᠦᠢᠯ ᠤᠨ ᠰᠶᠢᠳᠪᠦᠷᠢᠯᠡᠬᠦ ᠬᠡᠯᠪᠡᠷᠢ᠂ ᠳᠥᠷᠪᠡᠨ ᠵᠦᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠣᠭᠲᠠᠭᠠᠵᠤ᠂ ᠳᠣᠷᠣᠮᠵᠢᠯᠠᠯ ᠤᠨ ᠬᠡᠷᠡᠭ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠬᠠᠤᠯᠢ ᠲᠣᠭᠲᠠᠭᠠᠯ ᠶᠣᠰᠣᠭᠠᠷ ᠤᠷᠢᠳᠴᠢᠯᠠᠨ ᠰᠡᠷᠭᠡᠶᠢᠯᠡᠬᠦ ᠪᠠ | ᠰᠶᠢᠳᠪᠦᠷᠢᠯᠡᠬᠦ ᠬᠡᠷᠡᠭᠳᠡᠢ᠃ ᠠᠷᠪᠠᠨ ᠨᠢᠭᠡᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠵᠢᠷᠤᠮᠯᠠᠨ᠂ | ᠢᠳᠡᠪᠬᠢᠲᠡᠢ ᠪᠠᠷ ᠬᠠᠶᠢᠨ ᠰᠦᠪᠡᠭᠴᠢᠯᠡᠯᠳᠡ ᠬᠢᠵᠦ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ᠂ ᠬᠠᠷᠢᠯᠴᠠᠨ ᠬᠠᠮᠵᠢᠯᠴᠠᠵᠤ᠂ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠢ ᠵᠢᠯᠣᠭᠤᠳᠤᠨ ᠰᠤᠷᠤᠭᠴᠢᠳ ᠤᠨ ᠲᠤᠷᠤᠮᠵᠢᠯᠠᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷᠢᠭᠤᠴᠠᠯᠭᠠᠲᠠᠨ ᠪᠠ ᠪᠣᠳᠠᠲᠠᠢ ᠬᠠᠷᠢᠯᠴᠠᠬᠤ | ᠬᠥᠮᠥᠨ ᠢ ᠲᠣᠳᠣᠷᠬᠠᠶᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ᠂ ᠲᠣᠭᠲᠠᠪᠤᠷᠢᠲᠤ ᠴᠢᠨᠠᠷ ᠪᠠ ᠬᠢᠵᠠᠭᠠᠷᠯᠠᠬᠤ ᠬᠦᠴᠦᠨ ᠲᠠᠢ ᠰᠡᠷᠭᠡᠶᠢᠯᠡᠨ ᠵᠠᠰᠠᠬᠤ ᠠᠵᠢᠯ ᠤᠨ | ᠲᠣᠭᠲᠠᠴᠠ ᠪᠠ ᠵᠣᠬᠢᠴᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠵᠦᠢᠯ ᠤᠨ ᠵᠠᠰᠠᠯᠳᠠ ᠶᠢᠨ ᠠᠵᠢᠯ ᠢ ᠨᠢᠭᠡᠳᠦᠯᠲᠡᠢ ᠲᠦᠯᠦᠪᠯᠡᠨ | ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃ | ︽ᠲᠥᠰᠥᠯ︾ ᠳᠤ᠂ ᠪᠠᠰᠠ ᠰᠤᠷᠤᠭᠴᠢᠳ ᠤᠨ ᠲᠤᠷᠤᠮᠵᠢᠯᠠᠯ ᠢ ᠰᠡᠷᠭᠡᠶᠢᠯᠡᠬᠦ ᠠᠵᠢᠯ ᠢ ᠰᠢᠯᠭᠠᠨ ᠦᠨᠡᠯᠡᠬᠦ ᠪᠠ ᠲᠤᠰᠬᠠᠢ ᠱᠠᠯᠠᠪᠳᠠᠭᠤᠯᠤᠨ ᠵᠢᠯᠤᠭᠤᠳᠬᠤ | ᠠᠭᠤᠯᠭ᠎ᠠ ᠳᠤ ᠣᠷᠣᠭᠤᠯᠵᠤ᠂ ᠱᠠᠯᠠᠪᠳᠠᠭᠤᠯᠤᠨ ᠵᠢᠯᠣᠭᠤᠳᠤᠭᠰᠠᠨ ᠦᠷ᠎ᠡ ᠳ᠋ᠦᠩ ᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠦᠷ᠎ᠡ | ᠪᠦᠲᠦᠮᠵᠢ ᠶᠢ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠫᠠᠶᠢᠰᠠ ᠡᠯᠭᠦᠨ ᠱᠠᠯᠠᠪᠳᠠᠭᠤᠯᠤᠨ ᠰᠶᠢᠳᠪᠦᠷᠢᠯᠡᠭᠦᠯᠬᠦ᠂ | ᠨᠢᠭᠡ ᠪᠢᠯᠧᠲ ᠢᠶᠠᠷ ᠦᠬᠡᠶᠢᠰᠬᠡᠬᠦ ᠳᠦᠷᠢᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠲᠤᠷᠤᠮᠵᠢᠯᠠᠯ ᠢ ᠰᠡᠷᠭᠡᠶᠢᠯᠡᠬᠦ ᠠᠵᠢᠯ ᠤᠨ ᠪᠣᠳᠠᠲᠤ | ᠦᠷ᠎ᠡ ᠪᠦᠲᠦᠮᠵᠢ ᠣᠯᠬᠤ ᠶᠢ ᠠᠬᠢᠭᠤᠯᠬᠤ ᠪᠤᠯᠤᠨ᠎ᠠ᠃ | | | | |