2023 ᠣᠨ ᠤ ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ︵ᠪᠢᠷ ᠤᠨ ᠰᠢᠯᠭᠠᠯᠲᠠ︶ 7 ᠰᠠᠷ᠎ᠠ ᠶᠢᠨ 7 ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2023/7/6
       ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ  ᠰᠢᠯᠭᠠᠯᠲᠠ ᠶᠢᠨ  ᠬᠦᠷᠢᠶᠡᠯᠡᠩ ᠡᠴᠠ‌ᠣᠶᠢᠯᠠᠭᠠᠭᠰᠠᠨ ᠢᠶᠠᠷ᠂ 2023 ᠣᠨ ᠤ ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ  ᠪᠠᠭᠰᠢ ᠶᠢᠨ  ᠬᠢᠷᠢ ᠬᠡᠮ ᠤᠨ ᠰᠢᠯᠭᠠᠯᠲᠠ ︵ᠪᠢᠷ ᠤᠨ ᠰᠢᠯᠭᠠᠯᠲᠠ︶ 9 ᠰᠠᠷ᠎ᠠ ᠶᠢᠨ 16 ᠤ ᠡᠳᠦᠷ ︵ᠭᠠᠷᠠᠭ ᠤᠨ ᠵᠢᠷᠭᠤᠭᠠᠨ︶ ᠶᠠᠪᠤᠭᠳᠠᠨ᠎ᠠ᠂ ᠨᠡᠷ᠎ᠡ‌ᠮᠡᠳᠡᠭᠦᠯᠬᠦ ᠠᠵᠢᠯ 7 ᠰᠠᠷ᠎ᠠ ᠶᠢᠨ 7 ᠤ ᠡᠳᠦᠷ ᠠᠴᠠ ᠡᠬᠢᠯᠡᠨ᠎ᠡ᠃ ᠲᠣᠰ ᠤᠳᠠᠭᠠᠨ ᠤ ᠪᠢᠷ ᠤᠨ  ᠰᠢᠯᠭᠠᠯᠲᠠ ᠶᠢ  31  ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ ᠡᠷᠭᠢᠯᠡᠵᠦ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ  ᠬᠠᠷᠢᠶ᠎ᠠ  ᠬᠤᠲᠠ︶ ᠶᠢᠨ  ᠨᠡᠷ᠎ᠡ  ᠮᠡᠳᠡᠭᠦᠯᠬᠦ ᠠᠯᠪᠠᠨ ᠵᠠᠷ ᠢ ᠵᠠᠯᠭᠠᠭ᠎ᠠ ᠪᠠᠷ ᠰᠦᠯᠵᠢᠶᠡᠨ ᠳᠤ ᠨᠡᠶᠢᠳᠡᠯᠡᠨ᠎ᠡ᠂ ᠰᠢᠯᠭᠠᠭᠤᠯᠤᠭᠰᠠᠳ ᠲᠣᠰ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠨᠡᠷ᠎ᠡ ᠮᠡᠳᠡᠭᠦᠯᠬᠦ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠣᠲᠣᠷ᠎ᠠ  ᠰᠦᠯᠵᠢᠶᠡᠨ  ᠳᠡᠭᠡᠷ᠎ᠡ  ᠳᠠᠩᠰᠠᠯᠠᠭᠤᠯᠬᠤ᠂  ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ᠂ ᠰᠢᠯᠭᠠᠯᠲᠠ ᠳᠤ ᠨᠡᠷ᠎ᠡ ᠮᠡᠳᠡᠭᠦᠯᠬᠦ ᠵᠡᠷᠭᠡ ᠵᠦᠢᠯᠡᠰ ᠢ ᠪᠡᠶᠡᠯᠡᠭᠦᠯᠵᠦ᠂ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ ᠲᠣᠭᠲᠠᠭᠰᠠᠨ ᠬᠤᠭᠤᠴᠠᠭᠠᠨ ᠳᠣᠲᠣᠷ᠎ᠠ  ᠰᠦᠯᠵᠢᠶᠡᠨ ᠳᠡᠭᠡᠷ᠎ᠡ ᠰᠦᠢᠳᠭᠡᠯ ᠢᠶᠠᠨ ᠲᠤᠰᠢᠶᠠᠭᠠᠷᠠᠢ᠃   
ᠢᠷᠡᠯᠲᠡ᠄ ᠠᠷᠠᠳ ᠤᠨ ᠰᠥᠯᠵᠢᠶ᠎ᠠ