| ᠡᠨᠡ ᠵᠢᠯ᠂ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠨᠢ ᠡᠭᠦᠷᠭᠡ ᠴᠢᠳᠠᠪᠬᠢ ᠶᠢᠨ ᠳᠠᠪᠠᠭᠤᠯᠢᠭ᠂ ᠰᠢᠨ᠎ᠡ ᠶᠢ ᠡᠭᠦᠳᠬᠦ ᠰᠡᠳᠭᠢᠬᠦᠢ ᠪᠠᠨ ᠭᠦᠢᠴᠡᠳ | ᠪᠠᠳᠠᠷᠠᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢᠨ ᠲᠦᠷᠦᠯ ᠲᠡᠮᠳᠡᠭᠳᠦ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠲᠠᠷᠢᠶᠠᠴᠢᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠥᠷᠭᠡᠨ ᠤᠯᠠᠨ ᠬᠡᠷᠡᠭᠯᠡᠭᠴᠢᠳ ᠤᠨ ᠰᠠᠢᠨ ᠦᠨᠡᠯᠡᠯᠲᠡ ᠶᠢ ᠣᠯᠵᠠᠢ᠃ | ᠣᠶᠢᠯᠠᠭᠠᠭᠰᠠᠨ ᠢᠶᠠᠷ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ᠂ ᠳᠠᠯᠠᠳ | ᠬᠤᠰᠢᠭᠤᠨ ᠤ ᠲᠣᠰᠬᠤᠨ ᠤ ᠠᠷᠠᠳ ᠤᠨ ᠥᠪᠡᠰᠦᠪᠡᠨ ᠦᠢᠯᠡᠳᠪᠦᠷᠢᠯᠡᠭᠰᠡᠨ ᠲᠤᠲᠤᠷᠭ᠎ᠠ ᠶᠢ ᠬᠢᠨᠠᠨ ᠦᠢᠯᠡᠳᠪᠦᠷᠢᠯᠡᠬᠦ ᠠᠵᠢᠯ ᠢ ᠰᠠᠶᠢᠲᠤᠷ ᠬᠢᠵᠦ᠂ 2.5 | ᠺᠢᠯᠣᠭ᠍ᠷᠠᠮ ᠤᠨ ᠪᠤᠭᠤᠳᠠᠯ ᠲᠠᠢ ᠤᠨᠴᠠ ᠰᠢᠯᠢᠳᠡᠭ ᠲᠤᠲᠤᠷᠭ᠎ᠠ ᠶᠢ ᠤᠶᠢᠯᠡᠳᠪᠦᠷᠢᠯᠡᠵᠤ᠂ ᠬᠤᠲᠠ ᠶᠢᠨ ᠰᠢᠣᠳᠠᠨ ᠤ ᠶᠠᠪᠤᠳᠠᠯ ᠤᠨ ᠬᠠᠮᠲᠤᠷᠠᠯᠴᠠᠭᠠᠨ ᠤ | ᠰᠦᠯᠵᠢᠶ᠎ᠡ ᠲᠠᠢ ᠬᠠᠮᠳᠤᠷᠠᠨ 1 ᠲᠦᠮᠡᠨ ᠬᠤᠪᠢ ᠪᠤᠷᠤᠯᠠᠭᠤᠯᠵᠠᠢ︔ ᠲᠠᠯᠠᠳ ᠬᠤᠰᠢᠭᠤᠨ ᠤ 2.5 ᠺᠢᠯᠣᠭ᠍ᠷᠠᠮ ᠤᠨ ᠪᠤᠭᠤᠳᠠᠯ ᠲᠠᠢ ᠬᠥᠳᠡᠭᠡ ᠲᠣᠰᠬᠤᠨ ᠤ | ᠪᠤᠭᠤᠲᠠᠢ ᠶᠢᠨ ᠭᠤᠯᠢᠷ᠂ ᠬᠠᠩᠭᠢᠨ ᠬᠤᠰᠢᠭᠤᠨ ᠤ 2 ᠯᠢᠲᠷ ᠤᠨ ᠪᠤᠭᠤᠳᠠᠯ ᠲᠠᠢ ᠨᠡᠷᠡᠨ ᠬᠤᠸᠠᠷ ᠤᠨ ᠲᠣᠰᠣ ᠪᠣᠯᠤᠨ 2.5 ᠺᠢᠯᠣᠭ᠍ᠷᠠᠮ ᠤᠨ ᠪᠤᠭᠤᠳᠠᠯ ᠲᠠᠢ | ᠰᠢᠯᠢᠳᠡᠭ ᠲᠤᠲᠤᠷᠭ᠎ᠠ ᠪᠠᠷ ᠪᠦᠷᠢᠯᠳᠦᠭᠰᠡᠨ ᠪᠡᠯᠡᠭ ᠤᠨ ᠬᠠᠶᠢᠷᠴᠠᠭ ᠢ ᠤᠶᠢᠯᠡᠳᠴᠥ᠂ ᠡᠯ᠎ᠡ ᠳᠠᠭᠠᠳᠬᠠᠯ ᠤᠨ ᠺᠣᠮᠫᠠᠨᠢ᠂ ᠪᠠᠷᠢᠯᠭ᠎ᠠ ᠶᠢᠨ ᠮᠠᠲ᠋ᠧᠷᠢᠶᠠᠯ ᠤᠨ ᠭᠠᠵᠠᠷ ᠲᠠᠢ | ᠬᠤᠯᠪᠣᠭᠠᠯᠠᠨ ᠬᠠᠮᠲᠤᠷᠠᠯᠴᠠᠵᠤ᠂ ᠠᠵᠤ ᠠᠬᠤᠶᠢᠯᠠᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠪᠡᠯᠡᠭ ᠪᠣᠯᠭᠠᠨ ᠪᠡᠯᠡᠭᠯᠡᠵᠦ᠂ ᠬᠡᠷᠡᠭᠯᠡᠭᠴᠢᠳ ᠤᠨ ᠰᠠᠶᠢᠨ | ᠦᠨᠡᠯᠡᠯᠲᠡ ᠶᠢ ᠤᠯᠪᠠ᠃ ᠡᠭᠦᠨ ᠤ ᠬᠠᠮᠲᠤ᠂ ᠪᠦᠬᠦ ᠬᠤᠲᠠ ᠶᠢᠨ ᠲᠣᠮᠣ ᠳᠤᠮᠳᠠ ᠬᠡᠯᠪᠡᠷᠢ ᠶᠢᠨ ᠬᠡᠳᠦ ᠳᠡᠯᠭᠡᠭᠦᠷ᠂ ᠦᠵᠡᠮᠵᠢ ᠶᠢᠨ ᠣᠷᠣᠨ᠂ ᠪᠠᠩᠭᠢ᠂ ᠳᠤᠮᠳᠠ | ᠪᠠᠭ᠎ᠠ ᠠᠵᠤ ᠠᠬᠤᠶᠢᠯᠠᠯ ᠲᠠᠢ ᠵᠣᠯᠭᠠᠭᠤᠯᠵᠤ᠂ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠲᠤᠰᠬᠤᠨ ᠳᠤ ᠰᠠᠭᠤᠭ᠎ᠠ ᠨᠢᠭᠡᠳᠦᠭᠡᠷ | ᠱᠦᠵᠢ ᠴᠤᠤᠷᠢᠶ᠎ᠠ᠂ ᠵᠢᠷᠬᠢᠶ᠎ᠠ ᠪᠠᠷ ᠰᠢᠭᠤᠳ ᠨᠡᠪᠲᠡᠷᠡᠭᠦᠯᠬᠡ ᠬᠢᠵᠥ ᠪᠠᠷᠠᠭ᠎ᠠ ᠬᠤᠳᠠᠯᠳᠤᠵᠥ᠂ ᠬᠤᠯᠪᠤᠭᠠᠯᠠᠨ ᠲᠠᠭᠠᠭᠠᠴᠢᠯᠠᠭᠰᠠᠨ ᠲᠣᠰᠬᠤᠨ ᠤ ᠲᠠᠷᠢᠶᠠᠯᠠᠩ ᠤᠨ | ᠣᠨᠴᠠ ᠭᠠᠷᠤᠯᠲᠠ ᠶᠢ ᠲᠠᠨᠢᠯᠴᠠᠭᠤᠯᠬᠤ ᠶᠢᠨ ᠬᠠᠮᠳᠤ ᠰᠢᠦᠳᠠᠨ ᠤ ᠺᠣᠮᠫᠠᠨᠢ ᠲᠠᠢ ᠬᠠᠮᠲᠤᠷᠠᠨ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠲᠤ | ᠪᠥᠬᠡᠮ ᠢᠶᠠᠷ ᠬᠤᠳᠠᠯᠳᠤᠵᠥ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠵᠡᠷᠭᠡ ᠪᠠᠷ ᠤᠬᠠᠭᠤᠯᠬᠤ ᠪᠠᠷ ᠳᠠᠮᠵᠢᠭᠤᠯᠤᠨ᠂ ᠨᠡᠶᠢᠳᠡ 50 ᠭᠠᠷᠤᠢ ᠲᠣᠨ | ᠲᠤᠳᠤᠷᠭ᠎ᠠ᠂ 7 ᠲᠣᠨ ᠭᠤᠯᠢᠷ᠂ 5000 ᠵᠢᠩ ᠨᠡᠷᠡᠨ ᠬᠤᠸᠠᠷ ᠤᠨ ᠲᠤᠰᠤ᠂ 3000 ᠭᠠᠷᠤᠢ ᠺᠢᠯᠣᠭ᠍ᠷᠠᠮ ᠬᠠᠳᠤᠨ ᠭᠤᠣᠯ ᠤᠨ ᠵᠢᠭᠠᠰᠤ᠂ ᠨᠠᠢᠮᠠᠯᠵᠢ ᠵᠡᠷᠭᠡ | ᠤᠰᠤᠨ ᠤ ᠭᠠᠷᠤᠯᠲᠠ᠂ 80 ᠬᠠᠶᠢᠷᠴᠠᠭ ᠢᠳᠡᠰᠢᠨ ᠨᠣᠭᠤᠭ᠎ᠠ ᠶᠢᠨ ᠪᠡᠯᠡᠭ ᠤᠨ ᠬᠠᠶᠢᠷᠴᠠᠭ᠂ 1500 ᠵᠢᠩ ᠲᠠᠷᠪᠤᠰ ᠢ ᠪᠣᠷᠣᠯᠠᠭᠤᠯᠵᠤ᠂ ᠪᠡᠯᠡᠨ ᠵᠣᠭᠤᠰ ᠢᠶᠠᠷ | ᠨᠤᠭᠤᠯᠵᠤ ᠪᠤᠳᠤᠪᠠᠯ ᠪᠠᠷᠤᠭ 60 ᠭᠠᠷᠤᠢ ᠲᠦᠮᠡᠨ ᠲᠥᠭᠦᠷᠢᠭ ᠲᠤ ᠬᠦᠷᠴᠡᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠦᠷᠭᠦᠯᠵᠢᠯᠡᠨ ︽ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠨ ᠪᠤᠷᠤᠯᠠᠭᠤᠯᠬᠤ ᠠᠷᠭ᠎ᠠ ᠬᠡᠯᠪᠡᠷᠢ ᠪᠠᠷ ᠮᠠᠯᠴᠢᠨ ᠲᠠᠷᠢᠶᠠᠴᠢᠳ ᠤᠨ ᠠᠮᠥ ᠪᠤᠳᠠᠭᠠᠨ ᠤ | ᠤᠨᠠᠯᠲᠠ ᠶᠢ ᠨᠡᠮᠡᠭᠳᠡᠭᠦᠯᠵᠥ᠂ ᠣᠷᠣᠯᠭ᠎ᠠ ᠶᠢ ᠨᠡᠮᠡᠭᠳᠡᠭᠦᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠠ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠥᠭᠵᠢᠯᠲᠡ ᠳᠤ ︽ᠳᠥᠷᠪᠡᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ︾ ᠶᠢ ᠠᠬᠢᠭᠤᠯᠤᠨ᠎ᠠ᠃ | | | | | | |