1 — 7 ᠰᠠᠷ᠎ᠠ ᠳᠤ ᠪᠦᠭᠦ ᠬᠤᠳᠠ ᠶᠢᠨ ᠲᠡᠭᠡᠳᠤ ᠲᠡᠰ ᠤᠨ ᠲᠦᠷᠦᠯ ᠵᠦᠢᠯ ᠤᠷᠤᠬᠰᠢᠳᠠᠢ ᠶᠠᠪᠤᠬᠳᠠᠪᠠ
ᠨᠡᠶᠢᠲᠡᠯᠡᠭᠰᠡᠨ ᠴᠠᠭ᠄
2023/8/15
                   2023 ᠣᠨ ᠳᠤ᠂ ᠮᠠᠨ ᠤ ᠬᠤᠲᠠ ᠣᠲᠣ ᠦᠶ᠎ᠡ ᠶᠢᠨ ᠲᠤᠨᠤᠬᠯᠠᠯ ᠦᠢᠯᠡᠳᠬᠦ ᠦᠢᠯᠡᠰ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠤᠷᠢ᠂ ᠰᠢᠨ᠎ᠡ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ᠂ ᠠᠮᠢᠳᠤ ᠪᠣᠳᠠᠰ ᠤᠨ ᠡᠮ ᠡᠮᠨᠡᠯᠭᠡ ᠶᠢᠨ ᠳᠡᠭᠡᠳᠦ ᠲᠠᠰ ᠤᠨ ᠠᠵᠤ ᠦᠢᠯᠡᠰ ᠤᠨ ᠰᠦᠷᠦᠭᠵᠢᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠭᠠᠯᠳᠠ ᠭᠡᠯᠭᠢᠶ᠎ᠠ ᠵᠦᠭ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠶᠢᠰᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ  ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠢ ᠳᠡᠭᠡᠳᠦ ᠲᠠᠰ ᠳᠠᠶᠢᠰᠢ ᠭᠦᠭᠵᠢᠭᠦᠯᠭᠦ ᠶᠢ ᠦᠷᠭᠦᠯᠵᠢᠯᠡᠨ ᠠᠬᠢᠭᠤᠯᠪᠠ ᠃ ᠪᠥᠬᠦ ᠬᠤᠲᠠ ᠳᠤ 99 ᠳᠡᠭᠡᠳᠦ ᠲᠠᠰ ᠤᠨ ᠲᠥᠷᠥᠯ  ᠵᠦᠢᠯ ︵ᠰᠢᠨ᠎ᠡ ᠪᠠᠷ ᠪᠠᠶᠢᠭᠤᠯᠬᠤ ᠳᠦᠷᠤᠯ ᠵᠦᠢᠯ 50᠂ ᠦᠷᠭᠦᠯᠵᠢᠯᠡᠨ ᠪᠠᠶᠢᠭᠤᠯᠬᠤ ᠳᠦᠷᠤᠯ ᠵᠦᠢᠯ 49︶᠎ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 3574 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 484 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠤ ᠪᠣᠶ᠃ 1-7 ᠰᠠᠷ᠎ᠠ ᠳᠤ ᠪᠦᠦ ᠹᠸᠡᠭ᠂ ᠯᠦᠡᠭ ᠵᠢᠶ ᠵᠡᠷᠭᠡ 99 ᠴᠢᠬᠤᠯᠠ ᠶᠡᠭᠡ ᠲᠦᠷᠦᠯ ᠵᠦᠢᠯ ᠢ ᠪᠦᠬᠦᠨ ᠢᠶᠠᠷ ᠨᠢ ᠡᠬᠢᠯᠡᠨ ᠪᠠᠶᠢᠭᠤᠯᠵᠤ᠂ ᠠᠵᠢᠯ ᠢᠶᠠᠨ ᠡᠬᠢᠯᠡᠭᠦᠯᠵᠦ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100 %᠎ ᠳᠤ ᠬᠦᠷᠴᠦ᠂ ᠪᠠᠯᠠ ᠣᠷᠣᠭᠤᠯᠤᠯᠲᠠ ᠶᠢ  ᠪᠡᠶᠡᠯᠡᠭᠦᠯᠦᠭᠰᠡᠨ ᠨᠣᠷᠮ᠎ᠠ ᠨᠢ 70 %᠎ ᠳᠤ ᠬᠦᠷᠴᠡᠶ᠃        ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠤᠷᠢ ᠶᠢᠨ ᠲᠥᠷᠥᠯ ᠵᠦᠢᠯ 37 ᠪᠠᠶᠢᠵᠤ᠂ ᠶᠡᠷᠦᠩᠭᠡᠢ ᠪᠠᠯᠠ ᠤᠷᠤᠭᠤᠯᠤᠯᠳᠠ ᠨᠢ 1480 ᠳ᠋ᠥᠡᠭᠰᠢᠭᠤᠷ ᠲᠦᠭᠦᠷᠢᠭ ᠪᠠᠶᠢᠵᠤ᠂ ᠵᠢᠯ ᠤᠨ ᠳᠣᠲᠣᠷ᠎ᠠ 222.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠭᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ 100%᠎ ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 58%᠎ ᠳᠤ ᠬᠥᠷᠪᠡ︔ ᠣᠲᠣ ᠦᠶ᠎ᠡ ᠶᠢᠨ ᠲᠣᠨᠣᠭᠯᠠᠯ ᠦᠢᠯᠡᠳᠬᠦ ᠲᠦᠷᠦᠯ ᠵᠦᠢᠯ 38 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1234.8 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 153.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠭᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100%᠎ ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 92%᠎ ᠲᠤ ᠬᠥᠷᠪᠡ︔ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠲᠥᠷᠥᠯ ᠵᠦᠢᠯ 3 ᠪᠠᠶᠢᠵᠤ᠂ ᠶᠡᠷᠦᠩᠭᠡᠢ ᠪᠠᠯᠠ ᠤᠷᠤᠭᠤᠯᠤᠯᠳᠠ ᠨᠢ 4.6 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠤ᠂ ᠠᠵᠢᠯ ᠢᠶᠠᠨ ᠡᠬᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100% ᠪᠤᠯᠵᠤ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 42 %᠎ ᠲᠤ ᠭᠦᠷᠪᠠ︔ ᠠᠮᠢᠳᠤ ᠪᠣᠳᠠᠰ ᠤᠨ ᠡᠮ ᠡᠮᠨᠡᠯᠭᠡ ᠶᠢᠨ ᠲᠥᠷᠥᠯ ᠵᠦᠢᠯ 2 ᠪᠠᠶᠢᠵᠤ᠂ ᠶᠡᠷᠦᠩᠭᠡᠢ ᠪᠠᠯᠠ ᠤᠷᠤᠭᠤᠯᠤᠯᠳᠠ ᠨᠢ 10.8 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠤ᠂ ᠠᠵᠢᠯ ᠢᠶᠠᠨ ᠡᠬᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100 %᠎ ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 15%᠎ ᠳᠤ ᠬᠥᠷᠪᠡ᠃  
ᠢᠷᠡᠯᠲᠡ᠄ ᠤᠷᠳᠤᠰ ᠤᠨ ᠡᠳᠤᠷ ᠤᠨ ᠰᠤᠨᠢᠨ