| 2023 ᠣᠨ ᠳᠤ᠂ ᠮᠠᠨ ᠤ ᠬᠤᠲᠠ ᠣᠲᠣ ᠦᠶ᠎ᠡ ᠶᠢᠨ ᠲᠤᠨᠤᠬᠯᠠᠯ ᠦᠢᠯᠡᠳᠬᠦ ᠦᠢᠯᠡᠰ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠤᠷᠢ᠂ ᠰᠢᠨ᠎ᠡ | ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ᠂ ᠠᠮᠢᠳᠤ ᠪᠣᠳᠠᠰ ᠤᠨ ᠡᠮ ᠡᠮᠨᠡᠯᠭᠡ ᠶᠢᠨ ᠳᠡᠭᠡᠳᠦ ᠲᠠᠰ ᠤᠨ ᠠᠵᠤ ᠦᠢᠯᠡᠰ ᠤᠨ | ᠰᠦᠷᠦᠭᠵᠢᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠭᠠᠯᠳᠠ ᠭᠡᠯᠭᠢᠶ᠎ᠠ ᠵᠦᠭ | ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠶᠢᠰᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠢ ᠳᠡᠭᠡᠳᠦ ᠲᠠᠰ ᠳᠠᠶᠢᠰᠢ ᠭᠦᠭᠵᠢᠭᠦᠯᠭᠦ ᠶᠢ ᠦᠷᠭᠦᠯᠵᠢᠯᠡᠨ ᠠᠬᠢᠭᠤᠯᠪᠠ | ᠃ ᠪᠥᠬᠦ ᠬᠤᠲᠠ ᠳᠤ 99 ᠳᠡᠭᠡᠳᠦ ᠲᠠᠰ ᠤᠨ ᠲᠥᠷᠥᠯ ᠵᠦᠢᠯ ︵ᠰᠢᠨ᠎ᠡ ᠪᠠᠷ ᠪᠠᠶᠢᠭᠤᠯᠬᠤ ᠳᠦᠷᠤᠯ ᠵᠦᠢᠯ 50᠂ ᠦᠷᠭᠦᠯᠵᠢᠯᠡᠨ ᠪᠠᠶᠢᠭᠤᠯᠬᠤ ᠳᠦᠷᠤᠯ ᠵᠦᠢᠯ | 49︶ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 3574 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 484 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠤ ᠪᠣᠶ᠃ 1-7 ᠰᠠᠷ᠎ᠠ ᠳᠤ ᠪᠦᠦ ᠹᠸᠡᠭ᠂ ᠯᠦᠡᠭ ᠵᠢᠶ ᠵᠡᠷᠭᠡ 99 ᠴᠢᠬᠤᠯᠠ ᠶᠡᠭᠡ ᠲᠦᠷᠦᠯ | ᠵᠦᠢᠯ ᠢ ᠪᠦᠬᠦᠨ ᠢᠶᠠᠷ ᠨᠢ ᠡᠬᠢᠯᠡᠨ ᠪᠠᠶᠢᠭᠤᠯᠵᠤ᠂ ᠠᠵᠢᠯ ᠢᠶᠠᠨ ᠡᠬᠢᠯᠡᠭᠦᠯᠵᠦ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100 % ᠳᠤ ᠬᠦᠷᠴᠦ᠂ ᠪᠠᠯᠠ | ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 70 % ᠳᠤ ᠬᠦᠷᠴᠡᠶ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠤᠷᠢ ᠶᠢᠨ ᠲᠥᠷᠥᠯ ᠵᠦᠢᠯ 37 ᠪᠠᠶᠢᠵᠤ᠂ ᠶᠡᠷᠦᠩᠭᠡᠢ | ᠪᠠᠯᠠ ᠤᠷᠤᠭᠤᠯᠤᠯᠳᠠ ᠨᠢ 1480 ᠳ᠋ᠥᠡᠭᠰᠢᠭᠤᠷ ᠲᠦᠭᠦᠷᠢᠭ ᠪᠠᠶᠢᠵᠤ᠂ ᠵᠢᠯ ᠤᠨ ᠳᠣᠲᠣᠷ᠎ᠠ 222.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠭᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ 100% ᠳᠤ ᠬᠦᠷᠴᠦ᠂ ᠪᠠᠯᠠ | ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 58% ᠳᠤ ᠬᠥᠷᠪᠡ︔ ᠣᠲᠣ ᠦᠶ᠎ᠡ ᠶᠢᠨ ᠲᠣᠨᠣᠭᠯᠠᠯ ᠦᠢᠯᠡᠳᠬᠦ ᠲᠦᠷᠦᠯ ᠵᠦᠢᠯ 38 ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 1234.8 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 153.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠭᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ ᠨᠣᠷᠮ᠎ᠠ ᠨᠢ 100% ᠳᠤ ᠬᠦᠷᠴᠦ᠂ ᠪᠠᠯᠠ | ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 92% ᠲᠤ ᠬᠥᠷᠪᠡ︔ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ ᠲᠥᠷᠥᠯ ᠵᠦᠢᠯ 3 ᠪᠠᠶᠢᠵᠤ᠂ ᠶᠡᠷᠦᠩᠭᠡᠢ ᠪᠠᠯᠠ ᠤᠷᠤᠭᠤᠯᠤᠯᠳᠠ ᠨᠢ 4.6 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 1.7 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠤ᠂ ᠠᠵᠢᠯ ᠢᠶᠠᠨ ᠡᠬᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ | ᠨᠣᠷᠮ᠎ᠠ ᠨᠢ 100% ᠪᠤᠯᠵᠤ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 42 % ᠲᠤ ᠭᠦᠷᠪᠠ︔ ᠠᠮᠢᠳᠤ ᠪᠣᠳᠠᠰ ᠤᠨ ᠡᠮ ᠡᠮᠨᠡᠯᠭᠡ ᠶᠢᠨ | ᠲᠥᠷᠥᠯ ᠵᠦᠢᠯ 2 ᠪᠠᠶᠢᠵᠤ᠂ ᠶᠡᠷᠦᠩᠭᠡᠢ ᠪᠠᠯᠠ ᠤᠷᠤᠭᠤᠯᠤᠯᠳᠠ ᠨᠢ 10.8 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 3 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠤ᠂ ᠴᠦᠮ ᠠᠵᠢᠯ ᠢᠶᠠᠨ ᠡᠬᠢᠯᠡᠭᠦᠯᠵᠤ᠂ ᠠᠵᠢᠯ ᠢᠶᠠᠨ ᠡᠬᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠭᠰᠡᠨ | ᠨᠣᠷᠮ᠎ᠠ ᠨᠢ 100 % ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 15% ᠳᠤ ᠬᠥᠷᠪᠡ᠃ | |