ᠵᠡᠭᠦᠠᠭᠠᠷ ᠬᠤᠰᠢᠭᠤᠨ ᠤ ᠮᠠᠯᠴᠢᠨ ᠲᠠᠷᠢᠶᠠᠴᠢᠳ ᠬᠦᠢᠯᠡᠰᠦᠨ ᠮᠣᠳᠣ ᠲᠠᠷᠢᠵᠤ ᠤᠷᠤᠯᠭ᠎ᠠ ᠪᠠᠨ ᠨᠡᠮᠡᠭᠳᠡᠭᠦᠯᠤᠨ᠎ᠡ
ᠨᠡᠶᠢᠲᠡᠯᠡᠭᠰᠡᠨ ᠴᠠᠭ᠄
2023/8/15
     ᠤᠢᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠤᠨ ᠴᠦᠮ᠎ᠠ ᠶᠢᠨ ᠤᠮᠳᠠᠭᠠᠨ ᠤ ᠬᠢᠵᠠᠭᠠᠷᠲᠤ ᠺᠣᠮᠫᠠᠨᠢ ᠬᠦᠷ ᠬᠥᠭᠵᠢᠶᠡᠨ ᠢᠶᠠᠷ ᠪᠢᠯᠬᠠᠵᠤ᠂ ᠬᠦᠢᠯᠡᠰᠦᠨ ᠴᠥᠮ᠎ᠡ ᠶᠢ ᠬᠤᠳᠠᠯᠳᠤᠨ ᠠᠪᠬᠤ ᠦᠢᠯᠡᠳᠪᠦᠷᠢ ᠶᠢᠨ ᠲᠠᠰᠤᠭ ᠲᠤ᠂ ᠬᠦᠢᠯᠡᠰᠦᠨ ᠴᠥᠮ᠎ᠡ ᠪᠣᠷᠣᠯᠠᠭᠤᠯᠬᠤ ᠪᠠᠷ ᠢᠷᠡᠭᠰᠡᠨ ᠮᠠᠯᠴᠢᠨ ᠲᠠᠷᠢᠶᠠᠴᠢᠳ᠂ ᠠᠵᠢᠯᠲᠠᠳ ᠡᠮᠬᠢ ᠳᠢᠭᠯᠢᠮ ᠲᠠᠢ ᠪᠠᠷ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠵᠢᠩᠯᠡᠬᠦ᠂ ᠪᠢᠯᠧᠲ ᠥᠭᠬᠦ ᠵᠡᠷᠭᠡ ᠠᠵᠢᠯ ᠤᠳ ᠢ ᠭᠢᠵᠤ ᠶᠠᠭᠠᠷᠠᠯᠳᠤᠨ᠎ᠠ᠃ ᠱᠠᠬᠳᠠᠷ ᠪᠠᠯᠭᠠᠰᠤᠨ ᠤ ᠰᠧ ᠳ᠋ᠤᠤ ᠪᠦᠦ ᠲᠣᠰᠬᠤᠨ ᠤ ᠠᠷᠠᠳ ᠫᠠᠨ ᠸᠧᠨ ᠡᠨᠡ ᠵᠢᠯ ᠮᠢᠩᠭᠠᠨ ᠵᠢᠩ ᠬᠦᠢᠯᠡᠰᠦᠨ ᠴᠥᠮ᠎ᠡ ᠪᠣᠯᠤᠨ ᠬᠦᠢᠯᠡᠰᠦᠨ ᠬᠠᠳᠠᠭᠠᠮᠠᠯ ᠬᠠᠳᠠᠭᠠᠵᠠᠢ᠃ ︽ᠰᠧ ᠳ᠋ᠤᠤ ᠪᠤᠤ ᠲᠤᠰᠬᠤᠨ ᠤ ᠭᠦᠢᠯᠡᠰᠦᠨ ᠮᠤᠳᠤᠨ ᠤ ᠰᠠᠭᠤᠷᠢᠨ ᠭᠠᠵᠠᠷ ᠨᠠᠯᠢᠶᠠᠳ ᠤᠯᠠᠨ ᠪᠠᠶᠢᠳᠠᠭ᠂ ᠮᠢᠩᠭᠠᠭᠠᠳ ᠮᠤ᠋ ᠪᠤᠢ᠃ ᠡᠨᠡ ᠵᠢᠯ ᠤᠨ ᠭᠦᠢᠯᠡᠰᠦᠨ ᠴᠦᠮ᠎ᠠ᠂ ᠭᠦᠢᠯᠡᠰᠦᠨ ᠬᠠᠳᠠᠭᠠᠮᠠᠯ ᠬᠤᠷᠢᠶᠠᠬᠤ ᠦᠨ᠎ᠠ ᠰᠠᠶᠢᠨ ᠪᠠᠶᠢᠨ᠎ᠠ᠂ ᠪᠢ ᠪᠠᠷᠤᠭ ᠮᠢᠩᠭᠠᠨ ᠵᠢᠩ ᠭᠦᠢᠯᠡᠰᠦᠨ ᠴᠦᠮ᠎ᠠ ᠲᠡᠭᠦᠵᠡᠢ᠂ ᠭᠦᠢᠯᠡᠰᠦᠨ ᠬᠠᠳᠠᠭᠠᠮᠠᠯ ᠲᠠᠢ ᠪᠠᠨ ᠨᠡᠶᠢᠯᠡᠭᠦᠯᠪᠡᠯ 6000 ᠭᠠᠷᠤᠢ ᠲᠦᠭᠦᠷᠢᠭ ᠤᠨ ᠤᠷᠤᠯᠬ᠋᠎ᠠ ᠤᠯᠴᠢᠬᠠᠨ᠎ᠠ︾ ᠭᠡᠵᠦ ᠲᠡᠷᠡ ᠪᠠᠶᠠᠷᠯᠠᠨ᠎ᠠ᠃     ᠵᠢᠯ ᠪᠤᠯᠭᠠᠨ ᠤ 7 ᠰᠠᠷ᠎ᠠ ᠳᠤ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠤᠨ ᠴᠦᠮ᠎ᠠ ᠶᠢᠨ ᠤᠮᠳᠠᠭᠠᠨ ᠤ ᠬᠢᠵᠠᠭᠠᠷᠲᠤ ᠺᠣᠮᠫᠠᠨᠢ ᠪᠦᠬᠦ ᠬᠤᠰᠢᠭᠤᠨ ᠤ ᠮᠠᠯᠴᠢᠨ ᠲᠠᠷᠢᠶᠠᠴᠢᠳ ᠠᠴᠠ ᠬᠦᠢᠯᠡᠰᠦᠨ ᠴᠥᠮ᠎ᠡ᠂ ᠭᠦᠢᠯᠡᠰᠦᠨ ᠬᠠᠳᠠᠭᠠᠮᠠᠯ ᠢ ᠥᠨᠳᠥᠷ ᠦᠨ᠎ᠡ ᠪᠠᠷ ᠬᠤᠳᠠᠯᠳᠤᠨ ᠠᠪᠲᠠᠭ᠃ ︽ᠡᠨᠡ ᠵᠢᠯ ᠪᠢᠳᠡ 7 ᠰᠠᠷ᠎ᠠ ᠶᠢᠨ ᠳᠤᠮᠳᠠᠴᠢ ᠠᠴᠠ ᠡᠬᠢᠯᠡᠨ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠠᠶ᠂ ᠡᠭᠦᠨ ᠳᠤ ᠬᠦᠢᠯᠡᠰᠦᠨ ᠴᠥᠮ᠎ᠡ ᠬᠤᠳᠠᠯᠳᠤᠨ ᠠᠪᠬᠤ ᠦᠨ᠎ᠡ ᠨᠢ ᠺᠢᠯᠣᠭ᠍ᠷᠠᠮ ᠪᠦᠷᠢ ᠳᠡᠭᠡᠨ 7 ᠲᠥᠭᠦᠷᠢᠭ ᠠᠴᠠ 10 ᠲᠥᠭᠦᠷᠢᠭ ᠭᠦᠷᠴᠡᠢ᠂ ᠤᠷᠴᠢᠮ ᠤᠨ ᠡᠳᠦᠷ ᠤᠨ ᠦᠨ᠎ᠡ ᠪᠠᠷᠤᠭ ᠺᠢᠯᠣᠭ᠍ᠷᠠᠮ ᠪᠦᠷᠢ ᠳᠡᠭᠡᠨ 10 ᠲᠥᠭᠦᠷᠢᠭ ᠣᠷᠴᠢᠮ ᠪᠠᠶᠢᠵᠤ᠂ ᠬᠦᠢᠯᠡᠰᠦᠨ ᠬᠠᠳᠠᠭᠠᠮᠠᠯ ᠬᠤᠳᠠᠯᠳᠤᠨ ᠠᠪᠬᠤ ᠦᠨ᠎ᠡ ᠺᠢᠯᠣᠭ᠍ᠷᠠᠮ ᠪᠦᠷᠢ ᠳᠡᠭᠡᠨ 6 ᠲᠥᠭᠦᠷᠢᠭ ᠠᠴᠠ 10 ᠲᠥᠭᠦᠷᠢᠭ ᠬᠦᠷᠴᠦ᠂ ᠥᠩᠭᠡᠷᠡᠭᠰᠡᠨ ᠵᠢᠯ ᠤᠳ ᠤᠨ ᠬᠢ ᠠᠴᠠ ᠨᠡᠩ ᠥᠨᠳᠥᠷ ᠰᠢᠭ ᠪᠣᠯᠵᠠᠶ︾ ᠭᠡᠵᠦ ᠲᠤᠰ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᡁᠢ ᠬᠤᠸᠠ ᠲᠠᠨᠢᠯᠴᠠᠭᠤᠯᠤᠨ᠎ᠠ᠃     ᠤᠯᠤᠰ ᠤᠨ ᠲᠠᠰ ᠤᠨ ᠣᠶ ᠰᠢᠭᠤᠶ ᠵᠢᠮᠢᠰ ᠤᠨ ᠠᠵᠤ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠭᠤᠤ ᠶᠤᠧᠠᠨ ᠭᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ 2003 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠬᠦᠢᠯᠡᠰᠦ ᠶᠢᠨ ᠲᠣᠭᠤᠷᠢᠨ ᠳᠤ ᠶᠡᠭᠡ ᠪᠠᠷ ᠬᠦᠴᠦ ᠣᠷᠣᠭᠤᠯᠵᠤ᠂ ᠨᠢᠭᠡ ᠲᠠᠯ᠎ᠠ ᠪᠠᠷ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ᠂ ᠪᠥᠬᠦ ᠬᠤᠰᠢᠭᠤᠨ ᠳᠤ ᠭᠦᠢᠯᠡᠰᠦᠨ ᠣᠶ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠶᠡᠭᠡ ᠬᠡᠪᠴᠢᠶ᠎ᠡ ᠪᠠᠷ ᠪᠥᠲᠥᠭᠡᠨ ᠪᠠᠶᠢᠭᠤᠯᠪᠠ︔     ᠨᠥᠭᠦᠭᠡ ᠲᠠᠯ᠎ᠠ ᠪᠠᠷ᠂ ᠨᠠᠷᠠᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠯᠴᠠᠬᠤ ᠪᠠᠷ ᠳᠡᠮᠵᠢᠨ᠂ ᠬᠦᠢᠯᠡᠰᠦᠨ ᠤ 20 ᠭᠠᠷᠤᠶ ᠵᠦᠢᠯ ᠤᠨ ᠰᠢᠷᠢᠰ ᠦᠢᠯᠡᠳᠭᠦᠨ ᠢ ᠠᠮᠵᠢᠯᠲᠠ ᠲᠠᠢ ᠪᠠᠷ ᠰᠤᠳᠤᠯᠤᠨ ᠦᠢᠯᠡᠳᠪᠤᠷᠢᠯᠡᠵᠤ᠂ ︽ᠵᠠᠬ᠎ᠠ ᠳᠡᠯᠭᠡᠭᠦᠷ ᠢᠶᠠᠷ ᠠᠵᠤ ᠠᠬᠤᠶᠢᠯᠠᠯ ᠢ ᠳᠠᠶᠢᠴᠢᠯᠠᠬᠤ᠂ ᠠᠵᠤ ᠠᠬᠤᠶᠢᠯᠠᠯ ᠢᠶᠠᠷ ᠰᠠᠭᠤᠷᠢᠨ ᠭᠠᠵᠠᠷ ᠢ ᠬᠥᠲᠥᠯᠬᠦ᠂ ᠰᠠᠭᠤᠷᠢᠨ ᠭᠠᠵᠠᠷ ᠢᠶᠠᠷ ᠲᠠᠷᠢᠶᠠᠴᠢᠨ ᠡᠷᠦᠭᠡ ᠶᠢ ᠬᠤᠯᠪᠣᠭᠳᠠᠭᠤᠯᠬᠤ︾ ᠡᠷᠬᠢᠯᠳᠡᠳᠤ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠬᠥᠭᠵᠢᠭᠦᠯᠵᠤ ᠪᠠᠶᠢᠨ᠎ᠠ᠃     ᠣᠳᠣᠬᠠᠨ ᠳᠤ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠤᠨ ᠴᠦᠮ᠎ᠠ ᠶᠢᠨ ᠤᠮᠳᠠᠭᠠᠨ ᠤ ᠬᠢᠵᠠᠭᠠᠷᠲᠤ ᠺᠣᠮᠫᠠᠨᠢ ᠱᠢ ᠡᠯ ᠯᠢᠶᠠᠨ ᠴᠸᠡᠭ ᠰᠢᠶᠠᠩ᠂ ᠱᠠᠬᠳᠠᠷ ᠪᠠᠯᠭᠠᠰᠤ᠂ ᠰᠢᠤᠸᠠᠢ ᠵᠢᠶᠠ ᠸᠠᠨ ᠪᠠᠯᠭᠠᠰᠤ ᠵᠡᠷᠭᠡ ᠭᠠᠵᠠᠷ ᠲᠤ 2 ᠲᠦᠮᠡ ᠭᠠᠷᠤᠶ ᠮᠥ ᠬᠦᠢᠯᠡᠰᠦᠨ ᠮᠣᠳᠣᠨ ᠤ ᠰᠠᠭᠤᠷᠢᠨ ᠭᠠᠵᠠᠷ ᠪᠠᠶᠢᠭᠤᠯᠵᠤ᠂ ᠮᠠᠯᠴᠢᠨ ᠲᠠᠷᠢᠶᠠᠴᠢᠨ ᠡᠷᠦᠬᠡ ᠳᠤ ᠦᠨ᠎ᠡ  ᠲᠦᠯᠦᠪᠤᠷᠢ ᠥᠬᠡᠶ ᠪᠠᠷ ᠬᠦᠢᠯᠡᠰᠦᠨ ᠮᠣᠳᠣᠨ ᠤ ᠰᠤᠶᠤᠭ᠎ᠠ ᠬᠠᠩᠭᠠᠬᠤ ᠪᠠᠷ ᠳᠡᠮᠵᠢᠨ ᠪᠥᠬᠦ ᠬᠤᠰᠢᠭᠤᠨ ᠳᠤ 90 ᠲᠦᠮᠡᠨ ᠮᠥ ᠬᠦᠢᠯᠡᠰᠦᠨ ᠣᠶ ᠪᠠᠶᠢᠭᠤᠯᠬᠤ ᠶᠢ ᠲᠠᠶᠢᠴᠢᠯᠠᠵᠤ᠂ ᠨᠡᠶᠢᠲᠡ 1 ᠲᠦᠮᠡ ᠭᠠᠷᠤᠶ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ᠂ ᠡᠷᠦᠬᠡ ᠪᠦᠷᠢ ᠶᠢᠨ ᠣᠷᠣᠯᠭ᠎ᠠ ᠶᠢ ᠲᠤᠮᠳᠡᠴᠢ ᠪᠠᠷ 3000 ᠲᠥᠭᠦᠷᠢᠭ ᠠᠴᠠ ᠳᠡᠭᠡᠭᠰᠢ  ᠨᠡᠮᠡᠭᠳᠡᠭᠦᠯᠦᠭᠰᠡᠨ ᠪᠠᠶᠢᠨ᠎ᠠ᠃     ᠵᠡᠭᠦᠨᠭᠠᠷ ᠤᠨ ᠡᠬᠡ ᠭᠠᠵᠠᠷ ᠲᠤ᠂ ᠬᠦᠢᠯᠡᠰᠦ᠂ ᠴᠢᠴᠠᠷᠭᠠᠨ᠎ᠠ᠂ ᠬᠠᠢ ᠬᠤᠨᠭ᠌ ᠵᠢᠮᠢᠰ᠂ ᠠᠯᠮᠤᠷᠠᠳ ᠵᠡᠷᠭᠡ ᠡᠯ᠎ᠡ ᠲᠦᠷᠦᠯ ᠤᠨ ᠵᠢᠮᠢᠰ ᠤᠨ ᠮᠣᠳᠣ ᠵᠠᠯᠭᠠᠬ᠋᠎ᠠ ᠪᠠᠷ ᠵᠢᠮᠢᠰᠯᠡᠵᠦ ᠪᠣᠯᠪᠠᠰᠤᠷᠠᠵᠤ ᠪᠤᠢ᠃ ᠵᠡᠭᠦᠨᠭᠠᠷ ᠠᠵᠤ ᠠᠬᠤᠢ ᠶᠢᠨ ᠨᠡᠭᠡᠭᠡᠯᠳᠠ ᠶᠢᠨ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ᠂ ᠲᠤᠬᠠᠢ ᠶᠢᠨ ᠭᠠᠵᠠᠷ ᠤᠨ ᠡᠳᠡᠭᠡᠷ ᠵᠢᠮᠢᠰ ᠢ ᠨᠠᠷᠢᠯᠢᠭ ᠡᠳ᠋ᠰᠢᠭᠦᠯᠤᠨ᠂ ᠥᠨᠳᠥᠷ ᠨᠡᠮᠡᠯᠲᠡ ᠦᠷᠳᠡᠭ ᠲᠠᠢ ᠬᠦᠢᠯᠡᠰᠦᠨ ᠴᠥᠮ᠎ᠡ ᠶᠢᠨ ᠤᠮᠳᠠᠭᠠᠨ᠂ ᠬᠠᠢ ᠬᠤᠨᠭ᠌ ᠵᠢᠮᠢᠰ ᠤᠨ ᠠᠷᠢᠬᠢ᠂ ᠴᠢᠴᠠᠷᠭᠠᠨ᠎ᠠ ᠶᠢᠨ ᠤᠮᠳᠠᠭᠠᠨ ᠵᠡᠷᠭᠡ ᠪᠦᠲᠦᠭᠡᠭᠳᠡᠬᠦᠨ ᠪᠤᠯᠭᠠᠵᠤ᠂ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠵᠤ ᠪᠠᠶᠢᠳᠠᠭ᠃  ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠤᠨ ᠴᠦᠮ᠎ᠠ ᠶᠢᠨ ᠤᠮᠳᠠᠭᠠᠨ ᠤ ᠬᠢᠵᠠᠭᠠᠷᠲᠤ ᠺᠣᠮᠫᠠᠨᠢ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠭᠠᠭᠤᠯᠭ᠎ᠠ ᠳᠣᠣᠷ᠎ᠠ᠂ ᠵᠡᠭᠦᠨᠭᠠᠷ ᠬᠤᠰᠢᠭᠤᠨ ᠤ ᠮᠠᠯᠴᠢᠨ ᠲᠠᠷᠢᠶᠠᠴᠢᠳ ᠤᠨ ᠬᠦᠢᠯᠡᠰᠦ ᠵᠡᠷᠭᠡ ᠡᠯ᠎ᠡ ᠲᠦᠷᠦᠯ ᠤᠨ ᠵᠢᠮᠢᠰ ᠤᠨ ᠮᠣᠳᠣ ᠲᠠᠷᠢᠬᠤ ᠢᠳᠡᠪᠬᠢᠵᠢᠯ ᠡᠳᠦᠷ ᠢᠷᠡᠬᠦᠶ᠎ᠡ ᠳᠡᠭᠡᠭᠰᠢᠯᠡᠵᠦ᠂ ᠡᠯ᠎ᠡ ᠲᠣᠰᠬᠤᠨ ᠨᠢ ᠠᠵᠤ ᠠᠬᠤᠶᠢᠯᠠᠯ ᠲᠠᠢ ᠬᠤᠯᠪᠤᠭᠠᠯᠠᠨ᠂ ᠵᠢᠮᠢᠰ ᠤᠨ ᠤᠢ ᠶᠢᠨ ᠰᠠᠭᠤᠷᠢᠨ ᠭᠠᠵᠠᠷ ᠢ ᠶᠡᠭᠡ ᠭᠡᠪᠴᠢᠶ᠎ᠠ ᠪᠠᠷ ᠪᠦᠳᠦᠭᠡᠨ ᠪᠠᠶᠢᠭᠤᠯᠵᠤ᠂ ᠥᠩᠭᠡᠷᠡᠭᠰᠡᠨ ᠤ ᠬᠤᠵᠢᠬᠢᠷ ᠠᠭᠤᠯᠠ ᠨᠤᠮᠢᠨ ᠨᠤᠭᠤᠭᠠᠨ ᠦᠡᠭᠭᠡ ᠪᠠᠷ ᠬᠤᠴᠢᠬᠳᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠦᠭ ᠠᠶᠠᠰ ᠢ ᠴᠤᠤᠷᠢᠶᠠᠳᠤᠭᠤᠯᠤᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ