ᠲᠠᠯᠠᠳ ᠬᠤᠰᠢᠭᠤ ᠦᠳᠡᠰᠢ ᠶᠢᠨ ᠠᠵᠤ ᠠᠬᠤᠢ ᠶᠢ ᠬᠦᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/8/15
     ᠦᠳᠡᠰᠢ ᠶᠢᠨ ᠪᠦᠷᠦᠶ ᠪᠣᠯᠬᠤ ᠳᠤ᠂ ᠲᠠᠯᠠᠳ ᠬᠤᠰᠢᠭᠤᠨ ᠤ ᠦᠳᠡᠰᠢ ᠶᠢᠨ ᠠᠵᠤ ᠠᠬᠤᠢ ᠬᠦᠷ ᠨᠠᠷᠬᠢᠶᠠᠨ ᠢᠶᠠᠷ ᠪᠢᠯᠬᠠᠵᠤ ᠪᠠᠶᠢᠯ᠎ᠠ᠃ ᠤᠶᠢᠷ᠎ᠠ ᠶᠢᠨ ᠵᠢᠯ ᠤᠳ ᠠᠴᠠ᠂ ᠲᠠᠯᠠᠳ ᠬᠤᠰᠢᠭᠤ ᠠᠷᠠᠳ ᠤᠨ ᠠᠮᠢᠳᠤᠷᠠᠯ ᠢ ᠬᠠᠷᠠᠭᠠᠯᠵᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠡᠷᠴᠢᠮᠲᠠᠢ ᠬᠡᠷᠡᠭᠵᠢᠬᠦᠯᠵᠦ᠂ ᠠᠷᠠᠳ ᠲᠤ ᠲᠦᠬᠦᠮ ᠦᠵᠡᠭᠦᠯᠬᠦ ᠦᠳᠡᠰᠢ ᠶᠢᠨ ᠠᠵᠤ ᠠᠬᠤᠢ ᠶᠢ ᠬᠦᠭᠵᠢᠭᠦᠯᠤᠨ᠂ ᠣᠷᠣᠨ ᠨᠤᠲᠤᠭ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠭᠵᠢᠭᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠡᠮᠡᠭᠳᠡᠭᠦᠯᠵᠤ ᠪᠠᠶᠢᠨ᠎ᠠ᠃     2022 ᠣᠨ ᠠᠴᠠ ᠨᠠᠭᠠᠰᠢ᠂ ᠲᠠᠯᠠᠳ ᠬᠤᠰᠢᠭᠤ ᠦᠳᠡᠰᠢ ᠶᠢᠨ ᠠᠵᠤ ᠠᠬᠤᠢ ᠶᠢ ᠲᠡᠰ ᠳᠡᠪᠰᠢᠭᠦᠯᠤᠨ ᠥᠭᠡᠷᠡᠴᠢᠯᠡᠬᠦ ᠶᠢᠨ ᠬᠠᠮᠲᠤ ᠶᠢᠨ ᠬᠤᠢ ᠰᠤᠯᠠ ᠢᠳᠡᠭᠡᠨ ᠤ ᠬᠦᠷᠢᠶᠡᠯᠡᠩ ᠢ ᠰᠢᠨ᠎ᠡ ᠪᠠᠷ ᠪᠠᠶᠢᠭᠤᠯᠪᠠ᠃ ᠣᠲᠣᠬᠠᠨ ᠪᠣᠯᠲᠠᠯ᠎ᠠ᠂ ᠲᠠᠯᠠᠳ ᠬᠤᠰᠢᠭᠤᠨ ᠤ ᠪᠠᠶᠢᠭᠤᠯᠤᠭᠰᠠᠨ ᠦᠳᠡᠰᠢ ᠶᠢᠨ ᠠᠵᠤ ᠠᠬᠤᠢ ᠶᠢᠨ ᠶᠡᠷᠦᠩᠬᠡᠶ ᠲᠠᠯᠠᠪᠠᠶ ᠨᠢ 11970 ᠲᠡᠭᠰᠢ ᠳᠥᠷᠪᠡᠯᠵᠢᠨ ᠮᠧᠲᠷ ᠪᠠᠶᠢᠵᠤ᠂ ᠡᠵᠡᠩᠨᠡᠯᠲᠡ ᠶᠢᠨ ᠡᠷᠦᠬᠡ 348 ᠪᠠᠶᠢᠵᠤ᠂ ᠡᠳᠦᠷ ᠳᠤᠮᠳᠠᠴᠢ 4200 ᠭᠠᠷᠤᠶ ᠬᠥᠮᠦᠨ ᠤᠳᠠᠭ᠎ᠠ ᠶᠢ ᠬᠦᠯᠢᠶᠡᠨ ᠠᠪᠴᠤ᠂ ᠵᠤᠭᠠᠴᠠᠯ ᠤᠨ ᠬᠦᠭᠵᠢᠶᠡᠨ ᠲᠠᠢ ᠤᠯᠠᠷᠢᠯ ᠳᠤ ᠡᠳᠦᠷ ᠪᠦᠷᠢ ᠶᠢᠨ ᠡᠵᠡᠩᠨᠡᠯᠲᠡ ᠶᠢᠨ ᠤᠷᠤᠯᠭ᠎ᠠ 35 ᠲᠦᠮᠡᠨ ᠲᠥᠭᠦᠷᠢᠭ ᠲᠤ ᠬᠦᠷᠴᠦ᠂ 800 ᠭᠠᠷᠤᠶ ᠬᠥᠮᠦᠨ ᠤ ᠠᠵᠢᠯ ᠤᠯᠭᠤᠯᠲᠠ ᠶᠢ ᠲᠠᠶᠢᠴᠢᠯᠠᠬᠰᠠᠨ ᠪᠠᠶᠢᠨ᠎ᠠ᠃ ᠳᠡᠰ ᠳᠡᠪᠰᠢᠭᠦᠯᠤᠨ ᠥᠭᠡᠷᠡᠴᠢᠯᠡᠨ ᠪᠠᠶᠢᠭᠤᠯᠤᠬᠰᠠᠨ ᠤ ᠲᠠᠷᠠᠭᠠᠬᠢ ᠦᠳᠡᠰᠢ ᠶᠢᠨ ᠠᠵᠤ ᠠᠬᠤᠢ ᠶᠢᠨ ᠣᠷᠴᠢᠨ ᠠᠬᠤᠢ ᠨᠡᠩ ᠰᠠᠶᠢᠨ᠂ ᠰᠠᠭᠤᠷᠢ ᠲᠥᠬᠦᠭᠡᠷᠦᠮᠵᠢ ᠨᠡᠩ ᠲᠡᠭᠦᠯᠳᠡᠷ ᠪᠣᠯᠤᠬᠰᠠᠨ ᠪᠠᠶᠢᠨ᠎ᠠ᠃ ︽ᠳᠠᠷᠠᠭᠠᠴᠢ ᠶᠢᠨ ᠠᠯᠬᠤᠮ ᠳᠤ᠂ ᠪᠢᠳᠠ ᠬᠤᠳᠠ ᠶᠢᠨ ᠵᠡᠭᠦᠨ ᠲᠣᠭᠤᠷᠢᠭ ᠲᠤ ᠲᠣᠬᠢᠷᠠᠮᠵᠢᠲᠠᠢ ᠭᠠᠵᠠᠷ ᠣᠯᠵᠤ᠂ ᠠᠮᠲᠠᠲᠤ ᠢᠳᠡᠭᠡᠨ ᠤ ᠬᠦᠷᠢᠶᠡᠯᠡᠩ ᠪᠤᠶᠤ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠪᠠᠶᠢᠭᠤᠯᠵᠤ᠂ ᠬᠤᠳᠠ ᠶᠢᠨ ᠵᠡᠭᠦᠨ ᠲᠤᠭᠤᠷᠢᠭ ᠤᠨ ᠦᠳᠡᠰᠢ ᠶᠢᠨ ᠠᠵᠤ ᠠᠬᠤᠢ ᠶᠢ ᠬᠦᠭᠵᠢᠬᠦᠯᠬᠦ ᠪᠠᠷ ᠲᠦᠯᠦᠪᠯᠡᠵᠤ ᠪᠠᠶᠢᠨ᠎ᠠ︾ ᠭᠡᠵᠦ ᠳᠠᠯᠠᠳ ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠡ ᠶᠢᠨ ᠳᠡᠳ᠋ ᠳᠠᠷᠤᠭ᠎ᠠ ᠴᠢᠤᠸᠠᠨ ᠢᠦᠢ ᠹᠸᠡᠭ ᠶᠠᠷᠢᠵᠦ ᠪᠠᠶᠢᠯ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ