ᠡᠵᠡᠨ ᠬᠤᠷᠤᠭ᠎ᠠ ᠬᠤᠰᠢᠭᠤ ᠮᠦᠡᠭᠭᠦᠨ ᠭᠦᠢᠯᠭᠡᠭᠡᠨ ᠤ ᠦᠢᠯᠡᠴᠢᠯᠡᠭᠡ ᠪᠠᠷ ᠭᠦᠳᠡᠭᠡ ᠲᠤᠰᠬᠤᠨ ᠤ ᠭᠦᠭᠵᠢᠯᠳᠠ ᠶᠢ ᠠᠭᠢᠭᠤᠯᠵᠤ ᠪᠤᠢ
ᠨᠡᠶᠢᠲᠡᠯᠡᠭᠰᠡᠨ ᠴᠠᠭ᠄
2023/8/17
     ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠬᠤᠳᠠᠯᠳᠤᠭ᠎ᠠ ᠡᠷᠭᠢᠯᠡᠬᠦ ᠤᠷᠴᠢᠨ ᠠᠬᠤᠢ ᠶᠢ ᠪᠦᠭᠦ ᠲᠠᠯ᠎ᠠ ᠪᠠᠷ ᠰᠢᠯᠢᠳᠡᠭᠵᠢᠭᠦᠯᠵᠤ᠂ ᠬᠠᠷᠢᠶ᠎ᠠ ᠣᠷᠣᠨ ᠤ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠢᠨ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠳᠤ ᠪᠠᠭᠤᠯᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠮᠠᠯᠴᠢᠨ ᠲᠠᠷᠢᠶᠠᠴᠢᠳ ᠤᠨ ᠲᠡᠷᠭᠡᠳᠡ ᠭᠦᠷᠭᠡᠪᠡ᠃     ᠡᠵᠡᠨ ᠬᠤᠷᠤᠭ᠎ᠠ ᠪᠠᠯᠭᠠᠰᠤ ᠶᠢᠨ ᠰᠢᠬᠤᠢ ᠶᠢᠨ ᠰᠦᠮ᠎ᠡ ᠲᠣᠰᠬᠤᠨ ᠤ ᠬᠤᠶᠠᠳᠤᠭᠠᠷ ᠬᠤᠷᠰᠢᠶ᠎ᠠ ᠶᠢᠨ ᠵᠠᠩ ᠰᠢᠶᠠᠨ ᠫᠢᠩ ᠦᠢᠯᠡᠰ ᠪᠦᠳᠤᠭᠡᠬᠦ ᠡᠬᠢᠨ ᠤ ᠬᠤᠭᠤᠴᠠᠭᠠᠨ ᠳᠤ ᠡᠵᠡᠨ ᠬᠤᠷᠤᠭ᠎ᠠ ᠬᠤᠰᠢᠭᠤᠨ ᠤ ᠭᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠠᠴᠠ ᠵᠢᠭᠡᠯᠡᠯᠭᠡ ᠠᠪᠴᠦ᠂ ᠲᠡᠵᠢᠭᠡᠪᠤᠷᠢ ᠶᠢᠨ ᠦᠢᠯᠡᠰ ᠢᠶᠠᠨ ᠭᠦᠭᠵᠢᠭᠦᠯᠭᠦ ᠪᠠᠷ ᠭᠤᠶᠤᠴᠢᠯᠠᠬᠰᠠᠨ ᠪᠠᠶᠢᠨ᠎ᠠ᠃ ᠲᠠᠷᠢᠮᠠᠯ ᠲᠡᠵᠢᠭᠡᠪᠤᠷᠢ ᠶᠢᠨ ᠭᠡᠪᠴᠢᠶ᠎ᠠ ᠪᠠᠨ ᠦᠷᠭᠡᠳᠭᠡᠭᠦ ᠦᠶ᠎ᠠ ᠳᠤ ᠲᠤᠰ ᠪᠠᠩᠭᠢ ᠠᠴᠠ ᠪᠠᠰᠠ 50 ᠲᠦᠮᠡᠨ ᠲᠥᠭᠦᠷᠢᠭ ᠤᠨ ᠵᠢᠭᠡᠯᠡᠯᠭᠡ ᠠᠪᠴᠦ᠂ ᠣᠳᠣ ᠲᠡᠳᠡᠨ ᠤ ᠲᠡᠵᠢᠭᠡᠪᠦᠷᠢ ᠶᠢᠨ ᠦᠢᠯᠡᠰ ᠨᠢ ᠭᠡᠪᠴᠢᠶᠠᠵᠢᠵᠤ᠂ 400 ᠬᠤᠨᠢ᠂ 150 ᠭᠠᠭ᠋ᠠᠢ ᠲᠡᠵᠢᠭᠡᠵᠤ᠂ ᠵᠢᠱᠢᠯᠲᠡ ᠪᠠᠷ ᠡᠨᠡ ᠵᠢᠯ ᠤᠨ ᠣᠷᠣᠯᠭ᠎ᠠ 35 ᠲᠦᠮᠡᠨ ᠲᠥᠭᠦᠷᠢᠭ ᠲᠤ ᠬᠦᠷᠬᠦ ᠪᠣᠯᠤᠨ᠎ᠠ᠃     ︽ᠦᠢᠯᠡᠰ ᠪᠦᠳᠤᠭᠡᠬᠦ ᠡᠬᠢᠨ ᠤ ᠬᠤᠭᠤᠴᠠᠭᠠᠨ ᠳᠤ ᠪᠢ 20 ᠲᠦᠮᠡᠨ ᠲᠥᠭᠦᠷᠢᠭ ᠤᠨ ᠵᠢᠭᠡᠯᠡᠯᠭᠡ ᠭᠤᠶᠤᠴᠢᠯᠠᠵᠤ᠂ ᠲᠤᠩ ᠤᠬᠤᠷ ᠬᠤᠭᠤᠴᠠᠭᠠᠨ ᠳᠤ ᠪᠠᠯᠠ ᠮᠦᠡᠭᠭᠦ ᠪᠠᠨ ᠭᠠᠷᠳᠠᠨ ᠠᠪᠤᠬᠰᠠᠨ ᠶᠤᠮ︔ ᠭᠤᠷᠪᠠᠳᠡᠭᠢ ᠵᠢᠯ ᠳᠤ ᠪᠠᠯᠠ ᠮᠦᠡᠭᠭᠦ ᠶᠡᠭᠡ ᠪᠠᠷ ᠲᠤᠳᠠᠬᠳᠠᠵᠤ᠂ ᠪᠠᠩᠭᠢ ᠠᠴᠠ ᠪᠠᠰᠠ 50 ᠲᠦᠮᠠᠨ ᠲᠦᠭᠦᠷᠢᠭ ᠤᠨ ᠵᠢᠭᠡᠯᠡᠯᠭᠡ ᠠᠪᠤᠬᠰᠠᠨ ᠶᠤᠮ︾ ᠭᠡᠵᠦ ᠵᠠᠩ ᠰᠢᠶᠠᠨ ᠫᠢᠩ ᠶᠠᠷᠢᠨ᠎ᠠ᠃     ᠵᠠᠰᠠᠭ ᠪᠠᠯᠭᠠᠰᠤᠨ ᠤ ᠴᠠᠭᠠᠨᠴᠠᠶᠢᠳᠠᠮ ᠲᠣᠰᠬᠤᠨ ᠤ ᠭᠤᠷᠪᠠᠳᠤᠭᠠᠷ ᠬᠤᠷᠰᠢᠶ᠎ᠠ ᠶᠢᠨ ᠰᠢᠶᠧ ᠶᠢᠨ ᠰᠢᠶᠠᠩ ᠥᠪᠡᠷ ᠤᠨ ᠡᠵᠡᠩᠨᠡᠵᠦ ᠪᠠᠶᠢᠭ᠎ᠠ ᠬᠤᠭᠤᠯᠠᠨ ᠭᠡᠷ ᠲᠡᠭᠡᠨ ᠶᠠᠭᠠᠷᠠᠨ᠎ᠠ᠃ ᠡᠨᠡ ᠵᠢᠯ᠂ ᠲᠠᠷᠢᠶᠠᠯᠠᠩ ᠤᠨ ᠮᠠᠰᠢᠨ ᠲᠤᠨᠤᠬᠯᠠᠯ ᠬᠤᠳᠠᠯᠳᠤᠨ ᠠᠪᠬᠤ ᠳᠤ ᠰᠢᠶᠧ ᠶᠢᠨ ᠰᠢᠶᠠᠩ ᠡᠵᠡᠨ ᠬᠤᠷᠤᠭ᠎ᠠ ᠬᠤᠰᠢᠭᠤᠨ ᠤ ᠭᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠠᠴᠠ 20 ᠲᠦᠮᠡᠨ ᠲᠥᠭᠦᠷᠢᠭ ᠵᠢᠭᠡᠯᠡᠯᠭᠡ ᠭᠤᠶᠤᠴᠢᠯᠠᠪᠡ᠃ ᠪᠠᠩᠭᠢ ᠶᠢᠨ ᠬᠢᠨ ᠲᠠᠷᠠ ᠲᠠᠷᠤᠢ ᠳᠤᠨᠢ ᠠᠵᠢᠯᠳᠠᠨ ᠲᠤᠮᠢᠯᠠᠵᠤ ᠪᠠᠶᠢᠳᠠᠯ ᠢ ᠤᠶᠢᠯᠠᠭᠠᠬᠤ ᠶᠢᠨ ᠬᠠᠮᠳᠤ ᠵᠢᠭᠡᠯᠡᠯᠭᠡ ᠶᠢᠨ ᠤᠴᠢᠷ ᠶᠠᠪᠤᠳᠠᠯ ᠢ ᠭᠦᠢᠴᠡᠳᠭᠡᠭᠰᠡᠨ ᠪᠠᠶᠢᠨ᠎ᠠ᠃     ︽ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠨᠢ ᠬᠤᠰᠢᠭᠤᠨ ᠤ ᠬᠥᠳᠡᠭᠡ ᠲᠣᠰᠬᠤᠨ ᠢ ᠨᠢᠭᠡᠳᠦᠯᠲᠡᠶ ᠲᠦᠯᠦᠪᠵᠢᠭᠦᠯᠤᠨ ᠬᠥᠭᠵᠢᠭᠦᠯᠬᠦ ᠲᠥᠪ ᠲᠠᠢ ᠬᠤᠯᠪᠤᠭᠠᠯᠠᠨ᠂ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠬᠡ᠂ ᠮᠠᠯ ᠲᠠᠷᠢᠶᠠᠯᠠᠩ ᠤᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠥᠭᠴᠦ᠂ ᠲᠡᠳᠡᠨ ᠤ ᠪᠡᠯᠡ ᠮᠥᠩᠭᠦ ᠶᠢᠨ ᠭᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠵᠠᠢ︾ ᠭᠡᠵᠤ ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢ ᠬᠤᠤ ᠷᠠᠨ ᠶᠠᠷᠢᠨ᠎ᠠ᠃     ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠪᠠ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠭᠥᠷᠳᠡᠬᠦ ᠴᠢᠨᠠᠷ ᠪᠠ ᠲᠥᠭᠦᠮ ᠳᠥᠲᠡ ᠴᠢᠨᠠᠷ ᠢ ᠲᠡᠭᠡᠭᠰᠢᠯᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠡᠵᠡᠩᠨᠡᠯᠳᠡ ᠶᠢᠨ ᠭᠤᠤᠯ ᠴᠤᠬᠴᠠ ᠶᠢᠨ ᠪᠠᠯᠠ ᠮᠦᠡᠭᠭᠦ ᠴᠤᠬᠯᠠᠭᠤᠯᠬᠤ ᠭᠦᠴᠢᠷᠳᠠᠯ ᠢ ᠰᠶᠢᠳᠪᠤᠷᠢᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠠᠭᠢᠭᠤᠯᠵᠤ᠂ ᠥᠨᠳᠥᠷ ᠪᠦᠲᠦᠮᠵᠢᠲᠡᠶ ᠪᠥᠬᠦ ᠲᠠᠯ᠎ᠠ ᠶᠢᠨ ᠨᠠᠶᠢᠳᠡᠮ ᠬᠠᠷᠠᠭᠠᠯᠵᠠᠯ ᠦᠵᠡᠭᠦᠯᠭᠦ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠡᠵᠡᠨ ᠬᠤᠷᠤᠭ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠭᠦᠭᠵᠢᠯᠳᠠ ᠶᠢ ᠠᠭᠢᠭᠤᠯᠵᠤ ᠪᠠᠶᠢᠨ᠎ᠠ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠪᠠᠩᠭᠢ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠵᠢᠭᠡᠯᠡᠯᠭᠡ ᠶᠢᠨ ᠦᠯᠡᠳᠡᠪᠤᠷᠢ ᠨᠢ 154.30 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 12.88 ᠳ᠋ᠦᠩᠰᠢᠭᠤᠷ ᠨᠡᠮᠡᠭᠳᠡᠵᠤ᠂ ᠠᠳᠠᠯᠢ ᠬᠤᠭᠤᠴᠠᠭᠠᠨ ᠤ ᠬᠢ ᠠᠴᠠ 17.16 ᠳ᠋ᠦᠩᠰᠢᠭᠤᠷ ᠲᠥᠭᠦᠷᠢᠭ ᠨᠡᠮᠡᠭᠳᠡᠵᠦ᠂ 12.51% ᠪᠠᠷ ᠨᠡᠮᠡᠭᠳᠡᠭᠰᠡᠨ ᠪᠠᠶᠢᠨ᠎ᠠ᠃     ︽ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠦᠷᠭᠦᠯᠵᠢᠯᠡᠨ ᠬᠦᠳᠦᠯᠤᠨ ᠵᠢᠯᠣᠭᠤᠳᠴᠤ ᠬᠥᠳᠡᠭᠡ ᠲᠣᠰᠬᠤᠨ ᠢ ᠬᠦᠭᠵᠢᠭᠦᠯᠤᠨ ᠮᠠᠨᠳᠤᠭᠤᠯᠬᠤ ᠠᠵᠤ ᠦᠢᠯᠡᠰ ᠢ ᠲᠡᠮᠵᠢᠭᠦ ᠭᠦᠴᠦᠯᠡᠴᠡ ᠪᠠᠨ ᠨᠡᠮᠡᠭᠳᠡᠭᠦᠯᠵᠤ᠂ ᠰᠢᠨ᠎ᠡ ᠵᠠᠮ ᠢ ᠲᠠᠰᠤᠷᠠᠯᠲᠠ ᠦᠭᠡᠶ ᠨᠡᠭᠡᠭᠡᠵᠤ᠂ ᠰᠢᠨ᠎ᠡ ᠪᠠᠶᠢᠳᠠᠯ ᠢ ᠪᠤᠶ ᠪᠣᠯᠭᠠᠵᠤ᠂ ᠮᠥᠩᠭᠦᠨ ᠭᠦᠢᠯᠭᠡᠭᠡᠨ ᠤ ᠰᠢᠨ᠎ᠡ ᠬᠦᠴᠦᠨ ᠢᠶᠠᠷ ᠪᠦᠭᠦ ᠬᠤᠰᠢᠭᠤᠨ ᠤ ᠭᠦᠳᠡᠭᠡ ᠲᠤᠰᠬᠤᠨ ᠤ ᠭᠦᠭᠵᠢᠯᠳᠠ ᠳᠤ ᠦᠢᠯᠡᠴᠢᠯᠡᠨ᠎ᠠ︾ ᠭᠡᠵᠦ ᠯᠢ ᠬᠤᠤ ᠷᠠᠨ ᠶᠠᠷᠢᠵᠤ ᠪᠠᠶᠢᠯ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ