ᠮᠠᠨ ᠤ ᠣᠷᠣᠨ ᠬᠤᠲᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠲᠡᠩᠴᠡᠭᠦᠷᠢ ᠦᠭᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2023/8/19
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠵᠦ᠂ ᠤᠷᠢᠳ ᠬᠤᠵᠢᠳ ᠭᠦᠭᠡᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ ᠵᠡᠷᠭᠡ 5 ᠠᠶᠢᠮᠠᠭ ᠬᠤᠲᠠ ᠶᠢᠨ 9 ᠬᠤᠰᠢᠭᠤ ᠰᠢᠶᠠᠨ᠂ 16 ᠰᠢᠶᠠᠩ ᠪᠠᠯᠭᠠᠰᠤ᠂ 18 ᠨᠡᠶᠢᠭᠡᠮ ᠲᠣᠭᠤᠷᠢᠭ ︵ᠲᠣᠰᠬᠤᠨ︶᠎ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠪᠣᠳᠣᠯᠭ᠎ᠠ ᠶᠢ ᠬᠠᠶᠢᠨ ᠰᠦᠪᠡᠭᠴᠢᠯᠡᠪᠡ᠃      ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠬᠤᠴᠤᠷᠤᠩᠭᠤᠢ ᠪᠠᠶᠢᠬᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠡᠳ᠋ᠯᠡᠵᠦ ᠳᠡᠶᠢᠯᠭᠦ᠂ ᠲᠥᠭᠦᠮ ᠦᠵᠡᠭᠦᠯᠭᠦ ᠬᠡᠮᠵᠢᠶ᠎ᠡ ᠥᠨᠳᠥᠷ ᠪᠢᠰᠢ ᠵᠡᠷᠭᠡ ᠪᠠᠶᠢᠴᠠᠭᠠᠨ ᠰᠤᠳᠤᠯᠤᠯᠲᠠ ᠪᠠᠷ ᠲᠠᠮᠵᠢᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 350᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ 200 ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠬᠢ ᠶᠢ ᠥᠷᠭᠡᠳᠬᠡᠨ ᠳᠡᠭᠡᠭᠰᠢᠯᠡᠭᠦᠯᠭᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ︾᠎ ᠪᠠᠷ ᠣᠨ ᠤ ᠭᠤᠣᠯᠳᠠᠯᠭ᠎ᠠ ᠲᠠᠢ ᠠᠵᠢᠯ ᠪᠤᠯᠭᠠᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠭᠦ ᠲᠠᠯ᠎ᠠ ᠪᠠᠷ ᠠᠬᠢᠭᠤᠯᠪᠠ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠦᠨ᠂ ᠳᠦᠷᠢᠮ ᠲᠣᠭᠲᠠᠴᠠ ᠶᠢᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠮᠠᠨ ᠤ ᠣᠷᠣᠨ ᠤ ᠬᠥᠳᠡᠭᠡ ᠲᠣᠰᠬᠤᠨ ᠤ ᠬᠥᠮᠥᠨ ᠠᠮᠠ ᠶᠢᠨ ᠨᠠᠰᠤᠵᠢᠯᠲᠠ ᠶᠢᠨ ᠪᠠᠶᠢᠳᠠᠯ ᠯᠤᠭ᠎ᠠ ᠵᠣᠬᠢᠴᠠᠯᠳᠤᠭᠰᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠯᠦᠭᠡ ᠵᠣᠬᠢᠴᠠᠯᠳᠤᠭᠰᠠᠨ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠯᠳᠤᠭᠰᠠᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠶᠢᠨ ᠬᠠᠮᠲᠤ᠂ ᠬᠥᠳᠡᠭᠡ ᠲᠤᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠯ ᠢ ᠤᠯᠠᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠣᠯᠠᠨ ᠭᠡᠯᠪᠡᠷᠢ ᠶᠢᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠵᠦ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃      ᠣᠳᠣᠬᠠᠨ ᠳᠤ᠂ ᠪᠦᠭᠦ ᠣᠷᠣᠨ ᠳᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 180᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 1157 ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ 107 ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠢ ᠥᠭᠡᠷᠡᠴᠢᠯᠡᠨ ᠰᠠᠶᠢᠵᠢᠷᠠᠭᠤᠯᠤᠭᠰᠠᠨ ᠢᠶᠠᠷ᠂ ᠪᠦᠭᠦ ᠣᠷᠣᠨ ᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠷᠬᠦᠴᠡ 39.81%᠎ ᠳᠤ ᠬᠦᠷᠴᠦ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠷᠬᠦᠴᠡ 36.85%᠎ ᠳᠤ ᠬᠦᠷᠴᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ