ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/8/2
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠠᠮᠲᠤᠷᠠᠨ ︽ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠡᠭᠦᠳᠦᠨ ᠪᠠᠶᠢᠭᠤᠯᠬᠤ︾᠎ ᠪᠠᠷ ᠭᠤᠣᠯ ᠰᠡᠳᠦᠪ ᠪᠤᠯᠭᠠᠬᠰᠠᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠤ ᠫᠠᠶᠢᠰᠠ ᠰᠡᠬᠦᠬᠦ ᠶᠣᠰᠣᠯᠠᠯ ᠵᠢᠴᠢ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠡᠷᠭᠢᠯᠡᠪᠡ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠮᠠᠨ ᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠨᠢ︽ᠲᠣᠭᠤᠷᠢᠨ ᠦᠵᠡᠬᠦ᠂ ᠪᠡᠶᠡᠴᠢᠯᠡᠨ ᠣᠶᠢᠯᠠᠭᠠᠬᠤ᠂ ᠤᠬᠠᠭᠤᠯᠬᠤ᠂ ᠰᠡᠷᠡᠮᠵᠢᠯᠡᠭᠦᠯᠭᠦ᠂ ᠪᠤᠯᠪᠠᠰᠤᠷᠠᠭᠤᠯᠬᠤ︾᠎ ᠶᠢ ᠨᠢᠭᠡ ᠴᠣᠭᠴᠠᠵᠢᠭᠤᠯᠵᠤ᠂︽ᠠᠭᠤᠰᠤᠯᠴᠠᠬᠤ ᠮᠠᠶ᠋ᠢᠭ︾᠂ ︽ᠦᠢᠯᠡᠳᠦᠯᠴᠡᠬᠦ ᠮᠠᠶ᠋ᠢᠭ︾᠎ ᠤᠨ ᠪᠡᠶᠡᠴᠢᠯᠡᠨ ᠣᠶᠢᠯᠠᠭᠠᠬᠤ ᠪᠠᠷ ᠳᠠᠮᠵᠢᠨ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠠᠮᠢᠳᠤᠯᠢᠭ ᠪᠤᠯᠭᠠᠨ᠎ᠠ; ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠪᠠᠶᠢᠭᠤᠯᠤᠭᠳᠠᠭᠰᠠᠨ ᠨᠢ ᠣᠳᠣᠬᠠᠨ ᠤ ᠠᠮᠤᠷ ᠲᠦᠪᠰᠢᠨ ᠤ ᠬᠥᠭᠵᠢᠯᠲᠡ ᠶᠢᠨ ᠳᠤᠮᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠰᠠᠭᠤᠷᠢᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠠᠴᠢᠶᠠᠯᠠᠪᠤᠷᠢ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ; ᠡᠯ᠎ᠡ ᠠᠵᠢᠯ ᠲᠥᠷᠥᠯ ᠠᠵᠤ ᠠᠬᠤᠶᠢᠯᠠᠯ᠂ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠶᠢᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠪᠣᠯᠣᠨ᠎ᠠ᠃      ᠣᠶᠢᠷ᠎ᠠ ᠶᠢᠨ ᠵᠢᠯ ᠳᠤ᠂ ᠮᠠᠨ ᠤ ᠣᠷᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠵᠢᠯ ᠤᠨ ᠭᠤᠣᠯᠳᠠᠯᠭ᠎ᠠ ᠪᠠᠨ ᠠᠵᠢᠯ ᠠᠴᠠ ᠪᠣᠯᠤᠭᠰᠠᠨ ᠭᠡᠮᠲᠦᠯ ᠤᠨ ᠨᠥᠬᠦᠪᠦᠷᠢ ᠲᠤᠰᠠᠯᠠᠮᠵᠢ ᠠᠴᠠ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠵᠤ᠂ ᠰᠤᠷᠤᠯᠴᠠᠵᠤ ᠪᠤᠯᠬᠤ᠂ ᠲᠣᠯᠢᠳᠠᠵᠤ ᠪᠤᠯᠬᠤ᠂ ᠳᠡᠯᠭᠡᠷᠡᠭᠦᠯᠵᠦ ᠪᠤᠯᠬᠤ ᠲᠤᠷᠰᠢᠯᠭ᠎ᠠ ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠪᠡ᠃ ᠡᠨᠡ ᠵᠢᠯ ᠪᠣᠯ ︽ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ︵2021—2025 ᠣᠨ︶︾᠎ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠭᠤᠣᠯ ᠰᠡᠳᠦᠪᠲᠦ ᠤᠬᠠᠭᠤᠯᠭ᠎ᠠ ᠥᠷᠨᠢᠭᠦᠯᠬᠦ ᠪᠠᠷ ᠳᠠᠮᠵᠢᠨ᠂ ︽ᠢᠨᠲ᠋ᠧᠷ ᠰᠦᠯᠵᠢᠶ᠎ᠡ + ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ︾ ᠠᠵᠢᠯᠯᠠᠭ᠎ᠠ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠭᠦ ᠪᠣᠯᠪᠠᠰᠤᠷᠠᠯ ᠵᠡᠷᠭᠡ ᠠᠷᠭ᠎ᠠ ᠭᠡᠯᠪᠡᠷᠢ ᠪᠠᠷ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠲᠦᠷᠦᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠵᠦ᠂ ᠣᠯᠠᠨ ᠲᠦᠮᠡᠨ ᠤ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠦᠵᠡᠯ ᠤᠬᠠᠮᠰᠠᠷ ᠪᠣᠯᠣᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤᠯᠠᠭ᠎ᠠ ᠬᠠᠩᠭᠠᠬᠤ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ