ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠠᠵᠢᠯ ᠣᠯᠭᠤᠯᠲᠠ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠣᠯᠠᠨ ᠨᠡᠶᠢᠲᠡ ᠶᠢᠨ ᠰᠠᠯᠠᠭ᠎ᠠ | ᠮᠥᠴᠢᠷ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ 10 ᠵᠦᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠵᠢᠯ ᠤᠨ ᠡᠴᠦᠰ ᠪᠤᠯᠳᠠᠯ᠎ᠠ ᠰᠤᠷᠭᠠᠭᠤᠯᠢ | ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠨᠤᠷᠮ᠎ᠠ ᠶᠢ 90% ᠠᠴᠠ ᠳᠡᠭᠡᠭᠰᠢ ᠳᠤ ᠬᠦᠷᠭᠡᠬᠦ ᠶᠢ | ᠪᠠᠲᠤᠯᠠᠨ᠎ᠠ ᠭᠡᠵᠡᠢ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠮᠠᠨ ᠤ ᠣᠷᠣᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ᠳᠤᠮᠳᠠ 2023 ᠣᠨ ᠤ ᠡᠴᠦᠰ ᠠᠴᠠ | ᠡᠮᠦᠨ᠎ᠡ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠬᠥᠮᠥᠰ ᠤᠨ ᠣᠷᠣᠨ ᠲᠤᠭ᠎ᠠ ᠶᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠤᠷᠢᠵᠤ ᠡᠯᠰᠡᠬᠦ ᠳᠤ ᠬᠡᠷᠡᠭᠯᠡᠬᠦ ᠶᠢ ᠵᠥᠪᠰᠢᠶᠡᠷᠡᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠦᠨᠳᠦᠰᠦᠨ | ᠱᠠᠲᠤᠨ ᠳᠤ ᠦᠢᠯᠡᠴᠢᠯᠡᠬᠦ ᠲᠥᠷᠥᠯ ᠵᠦᠢᠯ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠶᠢᠲᠡ 4.29 ᠲᠦᠮᠡ ᠭᠠᠷᠭᠠᠵᠤ᠂ 3.42 | ᠲᠦᠮᠡᠨ ᠬᠥᠮᠥᠨ ᠡᠯᠰᠡᠬᠦ ᠶᠢ ᠨᠢᠭᠡᠨᠲᠡ ᠪᠡᠶᠡᠯᠡᠭᠦᠯᠦᠭᠰᠡᠨ ᠪᠥᠭᠡᠳ 2023 ᠬᠤᠭᠤᠴᠠᠭᠠᠨ ᠤ ᠰᠤᠷᠭᠠᠭᠤᠯᠢ ᠠᠴᠠ ᠪᠠᠨ ᠰᠠᠯᠵᠤ ᠠᠵᠢᠯ ᠣᠯᠣᠭᠠᠳᠤᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠦᠨᠡᠨ ᠨᠡᠷ᠎ᠡ ᠶᠢᠨ ᠳᠦᠷᠢᠮ ᠤᠨ ᠰᠢᠪᠲᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ︽131︾ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠬᠤ ᠶᠢ ᠪᠦᠭᠦ ᠲᠠᠯ᠎ᠠ ᠪᠠᠷ | ᠠᠭᠢᠭᠤᠯᠤᠨ᠎ᠠ; ᠠᠯᠪᠠᠲᠠᠨ ᠤ ︽ᠳᠥᠷᠪᠡᠨ ᠱᠠᠲᠤᠨ ᠤ ᠬᠠᠮᠲᠤᠷᠠᠭᠰᠠᠨ ᠰᠢᠯᠭᠠᠯᠲᠠ︾ ᠳᠤ ᠬᠤᠰᠢᠭᠤ ᠰᠢᠶᠠᠨ ᠠᠴᠠ ᠳᠣᠷᠣᠭᠰᠢᠬᠢ 1/3 ᠣᠷᠴᠢᠮ ᠤᠨ ᠠᠵᠢᠯ ᠤᠨ | ᠪᠠᠶᠢᠷᠢ ᠶᠢ ᠭᠠᠷᠭᠠᠵᠤ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ᠎ᠡ; ᠥᠪᠥᠷ ᠮᠣᠩᠭᠤᠯ ᠳᠤ ᠦᠯᠡᠳᠡᠬᠦ ᠪᠠ ᠪᠤᠴᠠᠨ ᠢᠷᠡᠬᠦ | ᠠᠵᠢᠯ ᠣᠯᠭᠤᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠤᠨ᠎ᠠ; ᠲᠡᠭᠦᠰᠬᠦ ᠣᠨ ᠪᠠ ᠰᠤᠷᠭᠠᠭᠤᠯᠢ ᠠᠴᠠ ᠪᠠᠨ | ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠦᠭᠰᠡᠨ | ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ; ︽ᠦᠢᠯᠡᠰ ᠪᠣᠰᠬᠠᠬᠤ ᠥᠪᠥᠷ ᠮᠣᠩᠭᠤᠯ︾ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠵᠢᠯᠣᠭᠤᠳᠤᠯᠭ᠎ᠠ ᠦᠢᠯᠡᠴᠢᠯᠡᠭᠡᠨ ᠤ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ | ᠣᠯᠬᠤ ᠶᠢ ᠬᠠᠪᠰᠤᠷᠤᠨ ᠲᠡᠳᠬᠦᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠡᠷᠴᠢᠮ ᠢ ᠴᠢᠩᠭᠠᠷᠠᠭᠤᠯᠬᠤ ᠪᠠᠷ ᠪᠤᠢ᠃ | | | |