​ᠲᠡᠭᠡᠷ᠎ᠠ ᠬᠠᠭᠠᠰ ᠵᠢᠯ ᠳᠤ ᠮᠠᠨ ᠤ ᠬᠤᠳᠠ ᠶᠢᠨ ᠭᠡᠪᠴᠢᠶᠡᠵᠢᠯ ᠠᠴᠠ ᠲᠡᠭᠡᠭᠰᠢᠭᠢ ᠦᠢᠯᠡᠴᠢᠯᠡᠭᠡᠨ ᠤ ᠦᠢᠯᠡᠰ ᠲᠤᠬᠳᠠᠭᠤᠨ ᠤ ᠲᠤᠮᠳᠡ ᠰᠠᠶᠢᠵᠢᠷᠠᠪᠡ
ᠨᠡᠶᠢᠲᠡᠯᠡᠭᠰᠡᠨ ᠴᠠᠭ᠄
2023/8/7
      ᠬᠢᠶ᠎ᠠ ᠪᠠᠭᠰᠢ ᠶᠢᠨ ᠮᠡᠳᠡᠭᠡ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠠᠵᠤ ᠠᠬᠤᠶ ᠲᠣᠭᠲᠠᠭᠤᠨ ᠢᠶᠠᠷ ᠰᠡᠷᠭᠦᠵᠦ᠂ ᠦᠷᠭᠦᠯᠵᠢᠯᠡᠨ ᠰᠠᠶᠢᠵᠢᠷᠠᠵᠤ᠂ ᠠᠵᠤ ᠠᠬᠤᠶ ᠶᠢᠨ ᠤᠯᠠᠩᠭᠢ ᠬᠦᠢᠴᠡᠳᠬᠡᠯ ᠲᠤᠭ᠎ᠠ ᠲᠣᠭᠲᠠᠭᠤᠨ ᠤ ᠳᠤᠮᠳᠠ ᠨᠡᠮᠡᠭᠳᠡᠯ ᠲᠠᠢ ᠪᠣᠯᠵᠣ᠂ ᠨᠡᠮᠡᠭᠳᠡᠯ ᠤᠨ ᠪᠠᠶᠢᠳᠠᠯ ᠢ ᠰᠡᠷᠭᠦᠭᠡᠪᠡ᠃      ᠡᠵᠡᠩᠨᠡᠯᠲᠡ ᠶᠢᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠰᠠᠶᠢᠨ ᠬᠠᠨᠳᠤᠰᠢ ᠶᠢ ᠪᠠᠳᠤᠯᠡᠪᠡ᠃ ᠲᠡᠭᠡᠷ᠎ᠠ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ 273.0 ᠳ᠋ᠦᠩᠰᠢᠭᠤᠷ ᠲᠥᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2%᠎ ᠢᠶᠠᠷ ᠨᠡᠮᠡᠭᠳᠡᠨ᠂ ᠲᠦᠷᠦᠭᠦᠦ ᠤᠯᠠᠷᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 1.7 ᠳᠡᠭᠡᠭᠰᠢᠯᠡᠵᠡᠶ᠃ ᠭᠤᠤᠯᠯᠠᠬᠤ ᠠᠵᠢᠯ ᠲᠦᠷᠦᠯ ᠤᠨ ᠲᠤᠮᠳᠡ ᠵᠠᠮ ᠲᠡᠭᠡᠭᠡᠪᠦᠷᠢ᠂ ᠬᠥᠮᠥᠷᠭᠡᠯᠠᠨ ᠬᠠᠳᠠᠭᠠᠯᠠᠬᠤ ᠪᠠ ᠰᠢᠣᠳᠠᠨ ᠤ ᠦᠢᠯᠡᠰ ᠤᠨ ᠨᠡᠮᠡᠭᠳᠡᠯ ᠦᠷᠭᠦᠯᠵᠢᠯᠡᠨ ᠲᠡᠭᠡᠭᠰᠢᠯᠡᠵᠤ᠂ ᠲᠤᠯᠭᠠᠭᠤᠷᠢᠯᠠᠬᠤ ᠦᠢᠯᠡᠳᠦᠯ ᠨᠢ ᠬᠠᠮᠤᠭ ᠤᠨ ᠢᠯᠡᠷᠬᠡᠶ ᠪᠠᠶᠢᠵᠤ᠂ 216.8 ᠳ᠋ᠦᠩᠰᠢᠭᠤᠷ ᠲᠥᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.0%᠎ ᠪᠠᠷ ᠨᠡᠮᠡᠭᠳᠡᠨ᠂ ᠬᠤᠪᠢ ᠨᠡᠮᠡᠷᠢ ᠶᠢᠨ ᠨᠣᠷᠮ᠎ᠠ ᠨᠢ 57.3%᠎ ᠳᠤ ᠬᠦᠷᠴᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠵᠠᠭᠤᠨ ᠤ ᠬᠤᠪᠢ ᠶᠢᠨ ᠬᠠᠷᠢᠴᠡᠯ ᠢᠶᠠᠷ 2.4 ᠳᠠᠶᠢᠴᠢᠯᠠᠪᠠ᠃      ᠠᠰᠢᠭ ᠣᠯᠵᠠᠪᠤᠷᠢ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠨᠡᠮᠡᠭᠳᠡᠯ ᠤᠨ ᠬᠠᠨᠳᠤᠰᠢ ᠡᠷᠴᠢᠮᠲᠡᠶ ᠪᠤᠯᠪᠠ᠃ ᠲᠡᠭᠡᠷ᠎ᠠ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠤᠨ ᠪᠡᠶᠡᠯᠡᠬᠦᠯᠤᠭ᠍ᠰᠡᠨ ᠠᠰᠢᠭ ᠤᠯᠵᠠᠪᠤᠷᠢ ᠶᠢᠨ ᠪᠥᠬᠦ ᠲᠤᠭ᠎ᠠ 156.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 286.3%᠎ ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠪᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ ᠨᠢ ᠴᠥᠮ ᠪᠥᠬᠦ ᠣᠷᠣᠨ ᠳᠤ ᠲᠡᠷᠢᠬᠦᠯᠡᠪᠡ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 276 ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ᠂ 188 ᠠᠵᠤ ᠠᠬᠤᠶᠢᠯᠠᠯ ᠠᠰᠢᠭ ᠣᠯᠵᠠᠪᠤᠷᠢ ᠲᠠᠢ ᠪᠣᠯᠵᠣ᠂ ᠠᠰᠢᠭ ᠣᠯᠵᠠᠪᠤᠷᠢ ᠶᠢᠨ ᠬᠡᠪᠴᠢᠶ᠎ᠡ ᠨᠢ 68.1%᠎ ᠳᠤ ᠬᠦᠷᠴᠦ᠂ ᠨᠢᠭᠡᠳᠦᠭᠡᠷ ᠤᠯᠠᠷᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 6.8 ᠳᠡᠭᠡᠭᠰᠢᠯᠡᠵᠡᠶ᠃ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠤᠷᠮ᠎ᠠ 51.1% ᠪᠠᠶᠢᠵᠤ᠂ ᠨᠢᠭᠡᠳᠦᠭᠡᠷ ᠤᠯᠠᠷᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 3.1 ᠳᠡᠭᠡᠭᠰᠢᠯᠡᠵᠡᠶ᠃      ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠴᠢᠩᠭᠠᠷᠠᠪᠡ᠃ ᠤᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠤᠬᠳᠠᠭᠠᠵᠤ ᠭᠡᠷᠡᠭᠵᠢᠭᠦᠯᠪᠡ᠃ ᠲᠡᠭᠡᠷ᠎ᠠ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠲᠤᠳᠤᠷ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 217 ᠪᠠᠶᠢᠵᠤ᠂ 78.6%᠎ ᠶᠢ ᠡᠵᠡᠯᠡᠨ᠂ 144.1 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.3%᠎ ᠪᠠᠷ ᠨᠡᠮᠡᠭᠳᠡᠪᠡ᠃ ᠪᠡᠶᠡᠯᠡᠬᠦᠯᠤᠭ᠍ᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 127.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 110.7 ᠳ᠋ᠦᠩᠰᠢᠭᠤᠷ ᠲᠥᠭᠦᠷᠢᠭ ᠨᠡᠮᠡᠭᠳᠡᠨ᠂ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ 77.7% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠪᠥᠬᠦ ᠦᠢᠯᠡᠴᠢᠯᠡᠬᠡᠨ ᠤ ᠦᠢᠯᠡᠰ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 26.6 ᠥᠨᠳᠥᠷ ᠪᠣᠯᠪᠠ᠃      ᠰᠢᠨ᠎ᠡ ᠪᠠᠷ ᠬᠥᠭᠵᠢᠭᠰᠡᠨ ᠠᠵᠢᠯ ᠲᠥᠷᠥᠯ ᠲᠤᠬᠳᠠᠭᠤᠨ ᠢᠶᠠᠷ ᠲᠦᠷᠭᠡᠨ ᠬᠥᠭᠵᠢᠪᠡ᠃ ᠲᠡᠭᠡᠷ᠎ᠠ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠬᠡᠨ ᠤ ᠦᠢᠯᠡᠰ 16.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠠᠶᠠᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 9.3%᠎ ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠵᠠᠭᠤᠨ ᠤ ᠬᠤᠪᠢ ᠶᠢᠨ ᠬᠠᠷᠢᠴᠡᠯ ᠢᠶᠠᠷ 0.5 ᠳᠠᠶᠢᠴᠢᠯᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠬᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 5.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4%᠎ ᠪᠠᠷ ᠨᠡᠮᠡᠭᠳᠡᠪᠡ᠃ ᠡᠭᠦᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠯᠬᠡᠷᠡᠬᠦᠯᠤᠯᠳᠠ ᠪᠠ ᠬᠡᠷᠡᠭᠯᠡᠭᠡᠨ ᠤ ᠦᠢᠯᠡᠴᠢᠯᠡᠬᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 180.0%᠎ ᠢᠶᠠᠷ ᠨᠡᠮᠡᠭᠳᠡᠵᠦ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠵᠡᠶ᠃ ᠰᠢᠨ᠎ᠡ ᠪᠠᠷ ᠮᠠᠨᠳᠤᠭᠰᠠᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠵᠤ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠪᠠ᠃       ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠰᠡᠷᠭᠦᠯᠲᠡ ᠲᠦᠷᠭᠡᠳᠪᠡ᠃ ᠲᠡᠭᠡᠷ᠎ᠠ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠰᠠᠭᠤᠭᠠᠯᠢ ᠠᠷᠠᠳ ᠤᠨ ᠦᠢᠯᠡᠴᠢᠯᠡᠬᠡᠨ ᠤ ᠦᠢᠯᠡᠰ᠂ ᠰᠡᠯᠪᠢᠨ ᠵᠠᠰᠠᠬᠤ ᠪᠠ ᠪᠤᠰᠤᠳ  ᠦᠢᠯᠡᠴᠢᠯᠡᠬᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 126.3%᠎ ᠪᠠᠷ ᠨᠡᠮᠡᠭᠳᠡᠪᠡ᠃ ᠰᠤᠷᠭᠠᠨ ᠬᠥᠮᠦᠵᠢᠯ ᠤᠨ ᠦᠢᠯᠡᠰ 0.2 ᠳ᠋ᠦᠩᠰᠢᠭᠤᠷ ᠲᠥᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.4%᠎ ᠪᠠᠷ ᠨᠡᠮᠡᠭᠳᠡᠪᠡ᠃ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ 0.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 144.8%᠎ ᠪᠠᠷ ᠨᠡᠮᠡᠭᠳᠡᠪᠡ᠃  
ᠢᠷᠡᠯᠲᠡ᠄ ᠤᠷᠳᠤᠰ ᠤᠨ ᠡᠳᠤᠷ ᠤᠨ ᠰᠤᠨᠢᠨ