ᠰᠢᠨᠬᠤᠸᠠ ᠬᠤᠷᠢᠶᠠᠨ ᠤ ᠴᠠᠭ ᠤᠨ ᠪᠠᠶᠢᠳᠠᠯ ᠤᠨ ᠰᠢᠭᠦᠮᠵᠢ᠄ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠬᠤᠶᠠᠷ ᠤᠯᠠᠭᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠮᠥᠨ
ᠨᠡᠶᠢᠲᠡᠯᠡᠭᠰᠡᠨ ᠴᠠᠭ᠄
2023/8/7
     ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠬᠤᠶᠠᠷ ᠤᠯᠠᠭᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ ᠮᠥᠨ      ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠠᠮᠢ ᠠᠬᠤᠢ ᠪᠠ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠡᠪᠳᠡᠬᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠡᠨᠡ ᠨᠢ ᠬᠠᠨᠳᠤᠯᠭᠠᠲᠤ ᠴᠢᠨᠠᠷ ᠪᠠ ᠴᠠᠭ ᠦᠶᠡᠴᠢ ᠴᠢᠨᠠᠷ ᠢᠶᠠᠷ ᠮᠠᠰᠢ ᠴᠢᠩᠭ᠎ᠠ ᠲᠥᠷᠥ ᠶᠢᠨ ᠪᠣᠳᠣᠯᠭ᠎ᠠ ᠶᠤᠮ᠃      ᠲᠠᠷᠢᠶᠠᠨ ᠭᠠᠵᠠᠷ ᠤᠨ ᠬᠠᠮᠠᠭᠠᠯᠠᠯᠲᠠ ᠨᠢ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡ ᠬᠦ ︽ᠤᠯᠤᠰ ᠤᠨ ᠲᠣᠮᠣ ᠶᠠᠪᠤᠳᠠᠯ︾ ᠲᠠᠢ ᠬᠤᠯᠪᠣᠭᠳᠠᠵᠤ ᠪᠠᠶᠢᠳᠠᠭ ᠃ ᠡᠳᠡᠭᠡᠷ ᠵᠢᠯ ᠤᠳ ᠲᠤ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠪᠢᠳᠡ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠠᠷᠠᠳ ᠲᠦᠮᠡᠨ ᠤ ᠡᠳᠦᠷ ᠪᠦᠷᠢ ᠴᠠᠭ ᠲᠤ ᠪᠠᠨ ᠬᠤᠭᠤᠯᠠ ᠪᠠᠨ ᠢᠳᠡᠵᠦ᠂ ᠭᠡᠳᠡᠰᠦ ᠴᠠᠳᠬᠤᠯᠠᠩ ᠮᠥᠷᠲᠡᠭᠡᠨ ᠬᠤᠭᠤᠯᠠᠨ ᠠᠶᠠᠭ᠎ᠠ ᠪᠠᠨ ᠤᠯᠠᠮ ᠯᠠᠪᠳᠠᠭᠤᠨ ᠢᠶᠠᠷ ᠭᠠᠷ ᠲᠤ ᠪᠠᠨ ᠪᠠᠷᠢᠵᠦ᠂ ᠡᠳᠦᠷ ᠢᠷᠡᠬᠦᠶ᠎ᠡ ᠰᠠᠶᠢᠨ ᠢ ᠢᠳᠡᠬᠦ ᠶᠢ ᠪᠠᠲᠤᠯᠠᠪᠠ᠂ ᠡᠨᠡ ᠨᠢ ᠳᠠᠷᠤᠢ ᠲᠠᠷᠢᠶᠠᠨ ᠭᠠᠵᠠᠷ ᠭᠡᠬᠦ ᠡᠨᠡ ᠬᠦ ᠠᠮᠤ ᠪᠤᠳᠠᠭᠠᠨ ᠤ ᠠᠮᠤᠷ ᠲᠦᠪᠰᠢᠨ ᠤ ᠠᠮᠢᠨ ᠰᠤᠳᠠᠰᠤ ᠶᠢ ᠪᠠᠲᠤ ᠰᠠᠬᠢᠭᠰᠠᠨ ᠶᠠᠪᠤᠳᠠᠯ ᠪᠣᠯᠣᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠡᠨᠡ ᠬᠦ ᠬᠥᠪᠴᠢ ᠶᠢ ᠡᠷᠬᠡᠪᠰᠢ ᠴᠠᠭ ᠢᠮᠠᠭᠲᠠ ᠴᠢᠩᠭᠠᠯᠠᠬᠤ ᠬᠡᠷᠡᠭᠲᠡᠢ᠃ 2022 ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠴᠢᠬᠤᠯᠠ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠳᠣᠲᠣᠷ᠎ᠠ ᠭᠤᠣᠯᠳᠠᠭᠤ ᠲᠠᠷᠢᠶᠠᠨ ᠭᠠᠵᠠᠷ ᠢ ᠡᠵᠡᠯᠡᠨ ᠨᠠᠭᠤᠷ ᠢ ᠮᠠᠯᠲᠠᠵᠤ ᠦᠵᠡᠮᠵᠢ ᠶᠢᠨ ᠭᠠᠵᠠᠷ ᠪᠠᠶᠢᠭᠤᠯᠬᠤ᠂ ᠪᠠᠷᠢᠮᠵᠢᠶ᠎ᠠ ᠠᠴᠠ ᠬᠡᠲᠦᠷᠡᠭᠦᠯᠦᠨ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ᠂ ᠡᠳ᠋ᠯᠡᠩ ᠤᠨ ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠵᠡᠷᠭᠡ ︽ᠦᠵᠡᠮᠵᠢ ᠶᠢ ᠡᠷᠬᠢᠮᠯᠡᠨ ᠢᠳᠡᠬᠦ ᠬᠤᠭᠤᠯᠠ ᠪᠠᠨ ᠤᠮᠳᠠᠭᠠᠶᠢᠯᠠᠬᠤ︾ ᠠᠰᠠᠭᠤᠳᠠᠯ ᠲᠣᠪᠤᠶᠢᠮ᠎ᠠ ᠣᠷᠣᠰᠢᠵᠤ ᠪᠠᠶᠢᠨ᠎ᠠ᠃ ᠡᠭᠦᠨ ᠳᠤ ᠡᠷᠬᠡᠪᠰᠢ ︽ᠰᠢᠳᠦ ᠤᠷᠭᠤᠭᠤᠯᠬᠤ︾ ᠬᠠᠲᠠᠭᠤ ᠠᠷᠭ᠎ᠠ ᠬᠡᠮᠵᠢᠶ᠎ᠡ ᠠᠪᠴᠤ᠂ ᠡᠯ᠎ᠡ ᠲᠦᠷᠦᠯ ᠤᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠰᠢᠨ᠎ᠡ ᠪᠠᠷ ᠡᠭᠦᠰᠦᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠵᠤ᠂ ᠪᠠᠶᠢᠴᠠᠭᠠᠨ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠵᠡᠷᠭᠡᠴᠡᠭᠡ ᠪᠠᠷ᠂ ᠥᠩᠭᠡᠷᠡᠭᠰᠡᠨ ᠳᠤ ᠵᠦᠢ ᠵᠣᠬᠢᠰ ᠦᠭᠡᠢ ᠪᠠᠷ ᠠᠯᠳᠠᠭᠳᠠᠵᠤ ᠭᠡᠭᠡᠭᠳᠡᠭᠰᠡᠨ ᠴᠢᠨᠠᠷ ᠰᠠᠶᠢᠲᠠᠢ ᠬᠡᠰᠡᠭ ᠲᠠᠷᠢᠶᠠᠨ ᠭᠠᠵᠠᠷ ᠲᠤ ᠴᠤ ᠲᠠᠷᠢᠶᠠᠯᠠᠬᠤ ᠳᠤ ᠲᠣᠬᠢᠷᠠᠮᠵᠢᠲᠠᠢ ᠪᠣᠯ ᠲᠠᠷᠢᠶᠠᠯᠠᠬᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠬᠤ᠂ ᠡᠪᠡᠰᠦ ᠪᠡᠯᠴᠢᠭᠡᠷ ᠤᠷᠭᠤᠭᠤᠯᠬᠤ ᠳᠤ ᠲᠣᠬᠢᠷᠠᠮᠵᠢᠲᠠᠢ ᠪᠣᠯ ᠡᠪᠡᠰᠦ ᠪᠡᠯᠴᠢᠭᠡᠷ ᠤᠷᠭᠤᠭᠤᠯᠬᠤ ᠵᠠᠷᠴᠢᠮ ᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠯᠥᠪᠯᠡᠭᠡ ᠲᠠᠢ᠂ ᠬᠡᠮᠨᠡᠯ ᠲᠠᠢ ᠪᠠᠷ ᠰᠡᠷᠭᠦᠭᠡᠬᠦ ᠬᠡᠷᠡᠭᠲᠡᠢ᠃ ᠭᠡᠬᠦ ᠳᠤ ᠪᠠᠨ ᠰᠡᠷᠭᠦᠭᠡᠬᠦ ᠶᠠᠪᠤᠴᠠ ᠳᠤ ᠶᠠᠭᠠᠬᠢᠭᠰᠠᠨ ᠴᠤ ︽ᠬᠢᠯᠪᠠᠷᠴᠢᠯᠠᠵᠤ︾ ︽ᠨᠢᠭᠡ ᠯᠡ ᠪᠠᠷᠢᠮᠵᠢᠶ᠎ᠠ ᠪᠠᠷ ᠱᠠᠭᠠᠷᠳᠠᠵᠦ︾ ᠪᠣᠯᠬᠤ ᠦᠭᠡᠢ᠃       ᠤᠯᠤᠰ ᠤᠨ ᠪᠠᠶᠢᠳᠠᠯ ᠪᠣᠯᠣᠨ ᠤᠯᠤᠰ ᠤᠨ ᠬᠠᠤᠯᠢ ᠴᠠᠭᠠᠵᠠ ᠳᠤ ᠰᠠᠭᠤᠷᠢᠯᠠᠨ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠴᠡᠴᠡᠷᠯᠢᠭ ᠪᠠ ᠨᠠᠭᠤᠷ ᠴᠥᠭᠦᠷᠥᠮ ᠪᠠᠶᠢᠭᠤᠯᠬᠤ᠂ ᠣᠶᠢᠵᠢᠭᠤᠯᠬᠤ᠂ ᠦᠵᠡᠮᠵᠢ ᠪᠦᠲᠦᠭᠡᠬᠦ ᠵᠡᠷᠭᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠡᠨᠡ ᠪᠣᠯ ︽ᠱᠠᠯᠪᠢᠩ ᠤᠷᠪᠠᠭᠤᠯᠬᠤ︾᠂ ︽ᠣᠶᠢᠵᠢᠭᠤᠯᠬᠤ ᠶᠢ ᠵᠣᠭᠰᠣᠭᠠᠵᠤ ᠲᠠᠷᠢᠶᠠᠯᠠᠬᠤ ᠶᠢ ᠰᠡᠷᠭᠦᠭᠡᠬᠦ︾ ᠶᠠᠪᠤᠳᠠᠯ ᠤᠭᠳᠤ ᠪᠢᠰᠢ᠂ ᠶᠠᠭᠠᠬᠢᠭᠰᠠᠨ ᠴᠦ ᠤᠬᠠᠭᠳᠠᠬᠤᠨ ᠢ ᠰᠣᠯᠢᠵᠤ ᠪᠣᠯᠬᠤ ᠦᠭᠡᠢ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠬᠦ ᠶᠢᠨ ᠦᠨᠳᠦᠰᠦᠨ ᠵᠣᠷᠢᠯᠭ᠎ᠠ ᠪᠣᠯ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ ᠶᠤᠮ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠢ ᠶᠢ ᠬᠠᠮᠠᠭᠠᠯᠠᠨ ᠲᠠᠷᠢᠶᠠᠯᠠᠬᠤ ᠶᠢ ᠵᠣᠭᠰᠤᠭᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠪᠠᠷ ᠳᠠᠮᠵᠢᠭᠤᠯᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ ᠪᠣᠯᠬᠤ ᠮᠥᠷᠲᠡᠭᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠴᠢᠳᠠᠨ᠎ᠠ ᠭᠡᠳᠡᠭ ᠢ ᠦᠢᠯᠡᠳᠦᠯᠭᠡ ᠬᠠᠷᠠᠭᠤᠯᠵᠤ ᠪᠠᠶᠢᠨ᠎ᠠ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ ᠭᠡᠵᠦ ᠲᠣᠳᠣᠷᠬᠠᠢ ᠴᠢᠬᠤᠯᠠᠴᠢᠯᠠᠭᠰᠠᠨ ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠬᠦ ᠠᠵᠢᠯ ᠢ ᠪᠠᠬᠢᠵᠢᠭᠦᠯᠬᠦ ᠠᠴᠠ ᠪᠢᠰᠢ ᠬᠠᠷᠢᠨ ︽ᠤᠬᠤᠷᠢᠭᠤᠯᠵᠤ︾ ᠪᠣᠯᠬᠤ ᠦᠭᠡᠢ ᠶᠤᠮ᠃ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠶᠢ ᠰᠡᠷᠭᠦᠭᠡᠬᠦ ᠭᠠᠵᠠᠷ ᠢ 25 ᠭᠷᠡᠳᠦ᠋ᠰ ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ᠂ ᠬᠦᠨᠳᠦ ᠨᠣᠴᠢᠲᠠᠢ ᠡᠯᠡᠰᠦᠷᠭᠡᠭᠵᠢᠭᠰᠡᠨ ᠲᠠᠷᠢᠶᠠᠨ ᠭᠠᠵᠠᠷ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ 15 ᠠᠴᠠ 25 ᠭᠷᠡᠳᠦ᠋ᠰ ᠨᠠᠯᠠᠤ ᠲᠠᠷᠢᠶᠠᠨ ᠭᠠᠵᠠᠷ ᠵᠡᠷᠭᠡ ᠬᠡᠪᠴᠢᠶᠡᠨ ᠳᠤ ᠴᠢᠩᠭ᠎ᠠ ᠬᠢᠵᠠᠭᠠᠷᠯᠠᠬᠤ ᠬᠡᠷᠡᠭᠲᠡᠢ᠂ ᠡᠶᠢᠮᠦᠷᠬᠦᠦ ᠲᠠᠷᠢᠶᠠᠨ ᠭᠠᠵᠠᠷ ᠤᠨ ᠠᠮᠢ ᠠᠬᠤᠢ ᠨᠢ ᠬᠡᠪᠡᠷᠡᠭ᠂ ᠣᠶᠢᠵᠢᠭᠤᠯᠬᠤ ᠳᠤ ᠲᠣᠬᠢᠷᠠᠮᠵᠢᠲᠠᠢ ᠴᠦ ᠲᠠᠷᠢᠶᠠᠯᠠᠬᠤ ᠳᠤ ᠲᠣᠬᠢᠷᠠᠮᠵᠢ ᠦᠭᠡᠢ ᠶᠤᠮ᠃ ᠣᠶᠢᠲᠤ ᠭᠠᠵᠠᠷ᠂ ᠨᠤᠭᠤ ᠭᠠᠵᠠᠷ᠂ ᠭᠤᠣᠯ ᠤᠨ ᠵᠠᠮ ᠨᠠᠭᠤᠷ ᠤᠨ ᠣᠷᠣᠨ ᠵᠢᠴᠢ ᠬᠦᠨᠳᠦ ᠨᠣᠴᠢᠲᠠᠢ ᠡᠯᠡᠰᠦᠷᠭᠡᠭᠵᠢᠭᠰᠡᠨ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠵᠡᠷᠭᠡ ᠣᠷᠣᠨ ᠳᠤ ᠲᠠᠷᠢᠶᠠᠨ ᠭᠠᠵᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠪᠥᠭᠡᠳ ᠥᠨᠢᠳᠡ ᠶᠢᠨ ᠦᠨᠳᠦᠰᠦᠨ ᠲᠠᠷᠢᠶᠠᠨ ᠭᠠᠵᠠᠷ ᠳᠡᠭᠡᠷ᠎ᠡ ᠣᠶᠢᠵᠢᠭᠤᠯᠵᠤ ᠮᠣᠳᠣ ᠲᠠᠷᠢᠬᠤ ᠶᠢ ᠨᠡᠩ ᠴᠤ ᠴᠢᠩᠭ᠎ᠠ ᠴᠠᠭᠠᠵᠠᠯᠠᠬᠤ ᠬᠡᠷᠡᠭᠲᠡᠢ᠂ ᠡᠨᠡ ᠬᠤᠶᠠᠷ ᠲᠠᠯ᠎ᠠ ᠪᠠᠷ ᠴᠥᠮ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠶᠤᠮ᠃        ᠣᠳᠣᠬᠠᠨ ᠳᠤ᠂ ᠮᠠᠨ ᠤ ᠤᠯᠤᠰ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯ᠎ᠠ ᠪᠠᠷ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠳᠦᠷᠢᠮ᠂ ᠲᠥᠯᠦᠪᠵᠢᠭᠦᠯᠭᠡ᠂ ᠮᠡᠷᠭᠡᠵᠢᠯ ᠤᠨ ᠠᠷᠭ᠎ᠠ ᠪᠠᠷᠢᠯ ᠠᠯᠬᠤᠮ ᠠᠯᠬᠤᠮ ᠢᠶᠠᠷ ᠲᠡᠭᠦᠯᠳᠡᠷᠵᠢᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠠᠩᠬᠠᠳᠠᠭᠴᠢ ︽ᠣᠯᠠᠨ ᠲᠥᠯᠦᠪᠵᠢᠭᠦᠯᠭᠡ ᠶᠢ ᠨᠢᠭᠡᠳᠬᠡᠭᠰᠡᠨ︾ ᠤᠯᠤᠰ ᠤᠨ ᠲᠠᠰ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠪᠴᠢ ᠶᠢ ᠳᠠᠷᠤᠮᠠᠯᠯᠠᠨ ᠲᠠᠷᠬᠠᠭᠠᠵᠤ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ︽ᠭᠤᠷᠪᠠᠨ ᠬᠢᠵᠠᠭᠠᠷᠯᠠᠬᠤ ᠱᠤᠭᠤᠮ︾ ᠢ ᠵᠠᠭᠠᠭᠯᠠᠨ ᠲᠣᠭᠲᠠᠭᠠᠪᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ 315 ᠲᠦᠮᠡᠨ ᠺᠦᠸᠠᠳ᠋ ᠺᠢᠯᠣᠮᠧᠳ᠋ᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯ ᠴᠥᠮ ᠥᠨᠳᠥᠷ ᠳᠠᠷᠤᠯᠲᠠᠲᠤ ᠱᠤᠭᠤᠮ᠂ ᠠᠮᠢ ᠨᠠᠰᠤᠨ ᠤ ᠱᠤᠭᠤᠮ ᠪᠣᠯᠣᠨ᠎ᠠ᠃ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠶᠣᠰᠣᠭᠠᠷ᠂ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠭᠤᠷᠪᠠᠨ ᠬᠢᠵᠠᠭᠠᠷᠯᠠᠬᠤ ᠱᠤᠭᠤᠮ ᠢ ᠨᠢᠭᠡᠳᠦᠯᠲᠡᠢ ᠲᠥᠯᠥᠪᠵᠢᠭᠦᠯᠦᠨ ᠲᠣᠭᠲᠠᠭᠠᠬᠤ ᠲᠤᠬᠠᠢ ᠵᠢᠯᠤᠭᠤᠳᠬᠤ ᠰᠠᠨᠠᠯ︾ ᠢ ᠨᠠᠶᠢᠳᠠᠪᠤᠷᠢᠵᠢᠭᠤᠯᠵᠤ᠂ ᠵᠡᠭᠦᠨ ᠬᠡᠷᠡᠮ ᠢᠶᠠᠨ ᠨᠤᠷᠠᠭᠠᠵᠤ ᠪᠠᠷᠠᠭᠤᠨ ᠬᠡᠷᠡᠮ ᠢᠶᠠᠨ ᠨᠥᠬᠦᠬᠦ ᠶᠢ ᠶᠠᠭᠠᠬᠢᠭᠰᠠᠨ ᠴᠦ ᠵᠥᠪᠰᠢᠶᠡᠷᠡᠬᠦ ᠦᠭᠡᠢ᠃        ᠡᠳᠡᠭᠡᠷ ᠰᠢᠨ᠎ᠡ ᠬᠡᠷᠡᠭ ᠪᠣᠳᠠᠰ ᠢ ᠡᠴᠦᠰ ᠲᠤ ᠪᠠᠨ ᠴᠥᠮ ︽ᠪᠣᠳᠠᠲᠠᠢ ᠳᠤ ᠨᠠᠶᠢᠳᠠᠪᠤᠷᠢᠵᠢᠭᠤᠯᠵᠤ︾᠂ ᠪᠣᠳᠠᠲᠠᠢ ᠪᠠᠷ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠲᠠᠷᠢᠶᠠᠴᠢᠳ ᠤᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠮᠡᠷᠭᠡᠵᠢᠯ ᠤᠨ ᠠᠷᠭ᠎ᠠ ᠪᠠᠷᠢᠯ ᠢᠶᠠᠨ ᠰᠠᠶᠢᠵᠢᠷᠠᠭᠤᠯᠵᠤ᠂ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠨ ᠴᠦ ᠰᠢᠨᠡᠴᠢᠯᠡᠬᠦ ᠬᠡᠷᠡᠭᠲᠡᠢ᠃ ᠵᠠᠰᠠᠭ ᠵᠠᠬᠢᠷᠭᠠᠨ ᠤ ᠠᠷᠭ᠎ᠠ ᠪᠠᠷᠢᠯ᠂ ᠬᠠᠤᠯᠢ ᠴᠠᠭᠠᠵᠠ ᠶᠢᠨ ᠠᠷᠭ᠎ᠠ ᠪᠠᠷᠢᠯ ᠠᠴᠠ ᠭᠠᠳᠠᠨ᠎ᠠ ᠪᠠᠰᠠ ᠠᠵᠤ ᠠᠬᠤᠢ ᠶᠢᠨ ᠠᠷᠭ᠎ᠠ ᠪᠠᠷᠢᠯ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠠᠰᠢᠭ ᠲᠤᠰᠠ ᠶᠢ ᠲᠣᠬᠢᠷᠠᠭᠤᠯᠬᠤ ᠲᠣᠭᠲᠠᠴᠠ ᠪᠠᠷ ᠳᠠᠮᠵᠢᠭᠤᠯᠤᠨ᠂ ᠲᠠᠷᠢᠶᠠᠴᠢᠳ ᠪᠣᠯᠣᠨ ᠬᠠᠮᠲᠤ ᠤᠯᠠᠨ ᠤ ᠲᠠᠷᠢᠶ᠎ᠠ ᠪᠣᠯᠣᠨ ᠤᠢ ᠰᠢᠭᠤᠢ ᠶᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃       ︽ᠤᠯᠤᠰ ᠤᠨ ᠲᠣᠮᠣ ᠶᠠᠪᠤᠳᠠᠯ ᠢ ᠪᠣᠳᠣᠯᠬᠢᠯᠠᠬᠤ︾ ᠳᠤ ᠨᠡᠩ ᠴᠤ ︽ᠨᠠᠷᠢᠨ ᠵᠦᠢᠯ ᠠᠴᠠ ᠡᠬᠢᠯᠡᠭᠦᠯᠬᠦ︾ ᠬᠡᠷᠡᠭᠲᠡᠢ᠃ ᠬᠠᠪᠤᠷ ᠲᠠᠷᠢᠵᠤ ᠨᠠᠮᠤᠷ ᠬᠤᠷᠢᠶᠠᠬᠤ᠂ ᠵᠤᠨ ᠠᠷᠠᠴᠢᠯᠠᠵᠤ ᠡᠪᠦᠯ ᠨᠥᠭᠡᠴᠡᠯᠡᠬᠦ᠂ ᠡᠨᠡ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠭᠠᠯᠢ ᠶᠢᠨ ᠬᠡᠮᠨᠡᠯ ᠮᠥᠨ᠃ ᠲᠣᠭᠲᠠᠭᠠᠯ ᠢ ᠵᠥᠷᠢᠴᠡᠨ ᠲᠠᠷᠢᠶᠠᠨ ᠭᠠᠵᠠᠷ ᠠᠰᠢᠭᠯᠠᠭᠰᠠᠨ ᠢ ᠴᠡᠭᠴᠡᠯᠡᠨ ᠥᠭᠡᠷᠡᠴᠢᠯᠡᠵᠦ ᠳᠠᠬᠢᠨ ᠬᠠᠭᠠᠯᠪᠤᠷᠢᠯᠠᠬᠤ ᠳᠤ ᠡᠷᠬᠡᠪᠰᠢ ᠲᠠᠷᠢᠶᠠᠯᠠᠩ ᠤᠨ ᠦᠢᠯᠡᠳᠪᠦᠷᠢᠯᠡᠯ ᠤᠨ ᠵᠢᠮ᠎ᠡ ᠶᠣᠰᠣ ᠶᠢ ᠬᠦᠨᠳᠦᠳᠬᠡᠵᠦ᠂ ᠵᠢᠮᠢᠰ ᠤᠨ ᠮᠣᠳᠣᠨ ᠤ ᠡᠯᠪᠡᠭ ᠬᠤᠷᠢᠶᠠᠯᠲᠠ ᠶᠢᠨ ᠬᠤᠭᠤᠴᠠᠭᠠᠨ ᠳᠤ ᠪᠠᠶᠢᠬᠤ᠂ ᠤᠢ ᠮᠣᠳᠣᠨ ᠤ ᠪᠤᠶᠢᠵᠢᠯᠲᠠ ᠶᠢᠨ ᠬᠤᠭᠤᠴᠠᠭᠠᠨ ᠳᠤ ᠪᠠᠶᠢᠬᠤ᠂ ᠵᠢᠭᠠᠰᠤᠨ ᠴᠥᠭᠦᠷᠥᠮ ᠤᠨ ᠬᠤᠷᠢᠶᠠᠯᠲᠠ ᠶᠢᠨ ᠤᠯᠠᠷᠢᠯ ᠳᠤ ᠪᠠᠶᠢᠬᠤ ᠶᠢ ᠬᠠᠶᠢᠬᠤᠷᠤᠯ ᠦᠭᠡᠢ ᠪᠠᠷ ᠠᠯᠪᠠᠳᠠᠯᠭ᠎ᠠ ᠪᠠᠷ ᠴᠢᠬᠢ ᠶᠢ ᠨᠢ ᠰᠤᠭᠤᠯᠵᠤ ᠮᠣᠳᠣ ᠶᠢ ᠨᠢ ᠣᠭᠲᠣᠯᠤᠨ᠂ ᠨᠦᠬᠡ ᠶᠢ ᠨᠢ ᠪᠥᠭᠯᠡᠵᠦ ᠨᠠᠭᠤᠷ ᠢ ᠨᠢ ᠲᠡᠭᠰᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ︔ ᠡᠷᠬᠡᠪᠰᠢ ᠲᠠᠷᠢᠶᠠᠴᠢᠳ ᠤᠨ ᠬᠦᠰᠡᠯ ᠰᠠᠨᠠᠯ ᠶᠢ ᠬᠦᠨᠳᠦᠳᠬᠡᠵᠦ᠂ ᠪᠠᠰᠠ ᠵᠦᠢ ᠵᠣᠬᠢᠰᠲᠠᠢ ᠪᠠᠷ ᠦᠨᠡᠨ ᠢ ᠪᠠᠷᠢᠮᠲᠠᠯᠠᠨ ᠰᠢᠯᠵᠢᠯᠲᠡ ᠶᠢᠨ ᠬᠤᠭᠤᠴᠠᠭ᠎ᠠ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠵᠦ᠂ ᠵᠣᠬᠢᠬᠤ ᠲᠣᠭᠠᠨ ᠤ ᠨᠥᠬᠦᠪᠦᠷᠢ ᠣᠯᠭᠤᠵᠤ᠂ ᠲᠥᠯᠥᠪᠯᠡᠭᠡ ᠲᠠᠢ᠂ ᠬᠠᠷᠠᠯᠲᠠ ᠲᠠᠢ᠂ ᠬᠡᠮᠨᠡᠯ ᠲᠠᠢ ᠪᠠᠷ ᠲᠠᠷᠢᠶᠠᠨ ᠭᠠᠵᠠᠷ ᠢ ᠪᠤᠴᠠᠭᠠᠨ ᠠᠪᠴᠢᠷᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠭᠤᠶᠢᠳᠠ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠪᠣᠯᠭᠠᠵᠤ᠂ ᠲᠠᠷᠢᠶᠠᠴᠢᠳ ᠢ ᠲᠠᠷᠢᠶᠠᠨ ᠭᠠᠵᠠᠷ ᠢ ᠬᠠᠮᠠᠭᠠᠯᠠᠬᠤ ᠴᠢᠬᠤᠯᠠ ᠠᠵᠢᠯᠯᠠᠭᠠᠨ ᠤ ᠭᠤᠣᠯ ᠴᠣᠭᠴᠠ ᠪᠣᠯᠭᠠᠬᠤ ᠬᠡᠷᠡᠭᠲᠡᠢ᠃           
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ