ᠮᠠᠨ ᠤ ᠤᠯᠤᠰ 2000 ᠲᠦᠮᠡᠨ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠵᠠᠢ
ᠨᠡᠶᠢᠲᠡᠯᠡᠭᠰᠡᠨ ᠴᠠᠭ᠄
2023/8/7
      3 ᠤ ᠡᠳᠦᠷ᠂ ᠳᠤᠮᠳᠠᠳᠤ ᠤᠯᠤᠰ ᠤᠨ 2000 ᠲᠦᠮᠡᠳᠡᠬᠢ ᠰᠢᠨ᠎ᠡ ᠡᠨᠧᠷᠭᠢ ᠶᠢᠨ ᠮᠠᠰᠢᠨ ᠲᠡᠷᠬᠡ ᠶᠢ ᠵᠠᠮ ᠳᠤ ᠭᠠᠷᠭᠠᠬᠤ ᠠᠵᠢᠯᠯᠠᠭ᠎ᠠ ᠭᠤᠸᠠᠩᠵᠧᠦ ᠳᠤ ᠶᠠᠪᠤᠭᠳᠠᠯ᠎ᠠ᠂ ᠡᠨᠡ ᠨᠢ ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠶᠢ 2000 ᠲᠦᠮᠡ ᠦᠢᠯᠡᠳᠪᠤᠷᠢᠯᠡᠭᠰᠡᠨ ᠢ ᠬᠠᠷᠠᠭᠤᠯᠵᠤ ᠪᠠᠶᠢᠭ᠎ᠠ ᠶᠤᠮ᠃       ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 5 ᠰᠠᠷ᠎ᠠ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠲᠤᠰ ᠲᠤᠰ 300.5 ᠲᠦᠮᠡ ᠪᠠ 294 ᠲᠦᠮᠡ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 45.1% ᠪᠠ 46.8 % ᠪᠠᠷ ᠨᠡᠮᠡᠭᠳᠡᠪᠡ᠃ ᠰᠢᠨ᠎ᠡ ᠮᠠᠰᠢᠨ ᠲᠡᠷᠭᠡᠨ ᠤ ᠶᠡᠷᠦᠩᠬᠡᠢ ᠪᠣᠷᠣᠯᠠᠭᠤᠯᠤᠯᠲᠠ ᠶᠢᠨ ᠳᠤᠳᠤᠷ᠎ᠠ ᠰᠢᠨ᠎ᠡ ᠡᠨᠧᠷᠭᠢ ᠶᠢᠨ ᠮᠠᠰᠢᠨ ᠲᠡᠷᠭᠡ 27.7 % ᠬᠤᠪᠢ ᠶᠢ ᠡᠵᠡᠯᠡᠭᠰᠡᠨ ᠪᠠᠶᠢᠨ᠎ᠠ᠃       ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠲᠦᠷᠭᠡᠨ ᠢᠶᠠᠷ ᠬᠥᠭᠵᠢᠵᠦ᠂ 2020 ᠣᠨ ᠤ 9 ᠰᠠᠷ᠎ᠠ ᠳᠤ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠨᠡᠶᠢᠳᠡ 500 ᠲᠦᠮᠡ ᠶᠢ ᠳᠠᠪᠠᠵᠤ᠂ ︽ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ︵2012 — 2020 ᠣᠨ︶︾ ᠳᠤ ᠳᠤᠷᠠᠳᠤᠭᠰᠠᠨ ᠬᠠᠷᠠᠯᠲᠠ ᠶᠢ ᠪᠡᠶᠡᠯᠡᠭᠦᠯᠪᠡ︔ 2022 ᠣᠨ ᠤ 2 ᠰᠠᠷ᠎ᠠ ᠳᠤ᠂ ᠡᠨᠡᠬᠦ ᠲᠤᠭ᠎ᠠ 1000 ᠲᠦᠮᠡ ᠶᠢ ᠳᠠᠪᠠᠪᠠ︔ 2023 ᠣᠨ ᠤ 7 ᠰᠠᠷ᠎ᠠ ᠶᠢᠨ 3 ᠤ ᠡᠳᠦᠷ ᠪᠤᠯᠳᠠᠯ᠎ᠠ᠂ 2000 ᠲᠦᠮᠡᠨ ᠮᠠᠰᠢᠨ ᠲᠡᠷᠭᠡ ᠶᠢ ᠦᠢᠯᠡᠳᠪᠦᠷᠢᠯᠡᠵᠤ᠂ ᠬᠤᠶᠠᠳᠤᠭᠠᠷ 1000 ᠲᠦᠮᠡᠨ ᠮᠠᠰᠢᠨ ᠲᠡᠷᠭᠡ ᠶᠢ ᠦᠢᠯᠡᠳᠪᠦᠷᠢᠯᠡᠵᠤ ᠭᠠᠷᠭᠠᠳᠠᠯ᠎ᠠ ᠵᠦᠪᠭᠡᠨ 1 ᠵᠢᠯ ᠤᠨ ᠭᠠᠳᠠᠨ᠎ᠠ 5 ᠰᠠᠷ᠎ᠠ ᠶᠢᠨ ᠬᠤᠭᠤᠴᠠᠭ᠎ᠠ ᠶᠢ ᠬᠡᠷᠡᠭᠰᠡᠵᠡᠢ᠃       ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠤᠨ ᠦᠵᠡᠬᠦ ᠪᠠᠷ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠠᠵᠤ ᠦᠢᠯᠡᠰᠵᠢᠯᠲᠡ᠂ ᠵᠠᠬ᠎ᠠ ᠳᠡᠯᠭᠡᠭᠦᠷᠴᠢᠯᠡᠯᠲᠡ ᠶᠢᠨ ᠰᠠᠭᠤᠷᠢᠨ ᠳᠡᠭᠡᠷ᠎ᠡ᠂ ᠬᠡᠪᠴᠢᠶᠡᠵᠢᠯᠲᠡ᠂ ᠳᠡᠯᠡᠬᠡᠶᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠵᠦ᠂ ᠪᠦᠬᠦ ᠪᠥᠮᠪᠥᠷᠴᠡᠭ ᠤᠨ ᠮᠠᠰᠢᠨ ᠲᠡᠷᠭᠡᠨ ᠤ ᠠᠵᠤ ᠦᠢᠯᠡᠰ ᠤᠨ ᠴᠠᠬᠢᠯᠭᠠᠨᠵᠢᠯᠲᠠ᠂ ᠣᠶᠤᠨᠴᠢᠯᠠᠯᠲᠠ ᠪᠠᠷ ᠭᠤᠣᠯ ᠴᠢᠭᠯᠡᠯ ᠪᠣᠯᠭᠠᠭᠰᠠᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠳᠦᠯᠤᠨ ᠳᠠᠭᠠᠭᠤᠯᠵᠤ ᠪᠠᠶᠢᠨ᠎ᠠ᠃     
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ