ᠡᠵᠡᠨ ᠬᠤᠷᠤᠭ᠎ᠠ ᠬᠤᠰᠢᠭᠤ ᠨᠤᠤᠯᠤᠭᠤᠷ ᠤᠨ ᠢᠮᠠᠭᠠᠨ ᠤ ᠠᠵᠤ ᠦᠢᠯᠡᠰ ᠢᠶᠠᠷ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠬᠦᠴᠤ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2023/8/7
    ᠦᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠨᠤᠤᠯᠤᠭᠤᠷ ᠤᠨ ᠢᠮᠠᠭ᠎ᠠ ᠲᠡᠵᠢᠭᠡᠨ ᠦᠷᠡᠵᠢᠬᠦᠯᠬᠦ ᠦᠢᠯᠡᠰ ᠢ ᠢᠳᠡᠪᠬᠢᠳᠠᠢ ᠬᠦᠭᠵᠢᠭᠦᠯᠵᠤ᠂ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠬᠦᠴᠤ ᠨᠡᠮᠡᠷᠢᠯᠡᠵᠤ ᠪᠤᠢ᠃    ᠪᠤᠳᠠᠳᠠᠢ ᠶᠠᠪᠤᠴᠨ ᠶᠢᠨ ᠲᠤᠮᠳᠡ ᠨᠠᠷᠢᠯᠢᠭ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠦᠯᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠮᠡᠩᠭᠡ ᠨᠤᠤᠯᠤᠭᠤᠷ ᠤᠨ ᠢᠮᠠᠭᠠᠨ ᠤ ᠠᠵᠤ ᠦᠢᠯᠡᠰᠵᠢᠭᠰᠡᠨ᠂ ᠲᠦᠷᠦᠯ ᠲᠡᠮᠲᠡᠭᠲᠦ ᠬᠦᠭᠵᠢᠯᠳᠡ ᠶᠢ ᠠᠬᠢᠭᠤᠯᠵᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠵᠢᠴᠢ ᠲᠡᠵᠢᠭᠡᠨ ᠦᠷᠡᠵᠢᠬᠦᠯᠬᠦ ᠲᠤᠰᠬᠠᠢ ᠡᠷᠤᠭᠡ ᠶᠢᠨ ᠤᠷᠤᠯᠭ᠎ᠠ ᠶᠢ ᠨᠡᠮᠡᠭᠳᠡᠭᠦᠯᠤᠨ ᠠᠷᠠᠳ ᠤᠯᠡᠨ ᠢ ᠪᠠᠶᠠᠵᠢᠯ ᠤᠨ ᠵᠠᠮ ᠢᠶᠠᠷ ᠬᠦᠳᠦᠯᠵᠤ ᠪᠠᠶᠢᠨ᠎ᠠ᠃ ᠬᠤᠳᠠ ᠶᠢᠨ ᠶᠦᠨ ᠳ᠋ᠦ᠋ᠩ ᠺᠤᠮᠫᠠᠨᠢ ᠶᠢᠨ ᠡᠭᠦᠯᠳᠡᠷ ᠪᠤᠶᠢᠵᠢᠭᠤᠯᠬᠤ ᠲᠦᠪ ᠤᠨ ᠮᠡᠷᠭᠡᠵᠢᠯᠳᠡᠨ ᠪᠤᠯᠤᠷ᠄ ︽ᠮᠠᠨ ᠤ ᠡᠭᠦᠯᠳᠡᠷ ᠪᠤᠶᠢᠵᠢᠭᠤᠯᠬᠤ ᠲᠦᠪ ᠤᠨ ᠬᠢᠨ ᠦᠢᠷ᠎ᠠ ᠤᠷᠴᠢᠮ ᠤᠨ ᠮᠠᠯᠴᠢᠳ ᠲᠤ ᠰᠦᠢᠳᠭᠡᠯ ᠬᠤᠷᠢᠶᠠᠬᠤ ᠦᠭᠡᠢ ᠪᠠᠷ ᠬᠡᠭᠡᠯᠳᠦᠭᠦᠯᠭᠡ ᠬᠢᠬᠦ ᠮᠡᠷᠭᠡᠵᠢᠯ ᠪᠡ ᠦᠢᠯᠡᠴᠢᠯᠡᠭᠡ ᠬᠠᠨᠭ᠍ᠭᠠᠵᠤ ᠪᠠᠶᠢᠬᠤ ᠠᠴᠠ ᠭᠠᠳᠠᠨ᠎ᠠ ᠪᠠᠰᠠ ᠠᠮᠢᠳᠤᠷᠠᠯ ᠳᠠᠭᠠᠨ ᠬᠦᠴᠢᠷᠳᠡᠯᠳᠠᠢ ᠮᠦᠷᠳᠡᠭᠡᠨ ᠬᠦᠳᠡᠯᠮᠤᠷᠢᠯᠡᠬᠦ ᠴᠢᠳᠠᠪᠤᠷᠢ ᠪᠠᠨ ᠠᠯᠳᠠᠬᠰᠡᠨ 200 ᠭᠠᠷᠤᠢ ᠮᠠᠯᠴᠢᠨ ᠳᠤ 400 ᠡᠭᠦᠯᠳᠡᠷ ᠤᠨ ᠢᠮᠠᠭ᠎ᠠ ᠬᠠᠨᠭ᠍ᠭᠠᠵᠤ ᠦᠭᠪᠠ︾ ᠭᠡᠵᠤ ᠪᠠᠶᠢᠯ᠎ᠡ᠃   ᠦᠢᠯᠠᠭᠠᠬᠰᠡᠨ ᠢᠶᠠᠷ᠂ ᠮᠡᠩᠭᠡ ᠨᠤᠤᠯᠤᠭᠤᠷ ᠤᠨ ᠢᠮᠠᠭ᠎ᠠ ᠨᠢ ᠲᠦᠴᠢᠨ ᠬᠡᠳᠤᠨ ᠵᠢᠯ ᠤᠨ ᠡᠭᠦᠯᠳᠡᠷ ᠪᠤᠶᠢᠵᠢᠭᠤᠯᠬᠤ ᠶᠠᠪᠤᠴᠨ ᠶᠢ ᠦᠡᠭᠭᠡᠷᠡᠭᠡᠭᠡᠳ ᠤᠳᠤᠬᠠᠨ ᠪᠤᠯᠬᠤ ᠳᠤ ᠨᠤᠤᠯᠤᠭᠤᠷ ᠤᠨ ᠰᠢᠷᠭᠡᠭ ᠨᠢ ᠨᠠᠷᠢᠯᠢᠭ᠂ ᠭᠠᠷᠤᠯᠳᠡ ᠪᠠᠷ ᠦᠨᠳᠤᠷ᠂ ᠦᠷᠡᠵᠢᠯ ᠤᠨ ᠨᠤᠷᠮ᠎ᠠ ᠪᠠᠷ ᠦᠨᠳᠤᠷ᠂ ᠬᠠᠰᠢᠶᠠᠯᠠᠨ ᠲᠡᠵᠢᠭᠡᠬᠦ ᠳᠤ ᠳᠤᠬᠢᠷᠠᠬᠤ ᠮᠦᠷᠳᠡᠭᠡᠨ ᠮᠠᠯᠴᠢᠨ ᠲᠦᠮᠡᠨ ᠳᠤ ᠲᠠᠭᠠᠰᠢᠶᠠᠭᠳᠠᠬᠰᠡᠨ ᠰᠠᠶᠢᠨ ᠡᠭᠦᠯᠳᠡᠷ ᠤᠨ ᠢᠮᠠᠭ᠎ᠠ ᠪᠤᠯᠵᠤ ᠬᠦᠭᠵᠢᠵᠡᠢ᠃ ᠰᠤᠪᠤᠷᠭ᠎ᠠ ᠪᠠᠯᠭᠠᠰᠤᠨ ᠤ ᠬᠠᠪᠴᠢᠯ ᠲᠤᠰᠬᠤᠨ ᠤ ᠨᠠᠮ ᠤᠨ ᠡᠭᠦᠷ ᠤᠨ ᠱᠦᠵᠢ᠂ ᠲᠤᠰᠬᠤᠨ ᠤ ᠲᠠᠷᠤᠭ᠎ᠠ ᠤᠷᠬᠢᠯᠳᠤ᠄ ︽ᠮᠠᠨ ᠤ ᠲᠤᠰᠬᠤᠨ 2022 ᠤᠨ ᠳᠤ 125 ᠲᠦᠮᠡᠨ ᠲᠦᠭᠦᠷᠢᠭ ᠤᠨ ᠪᠡᠯᠨ ᠮᠦᠡᠭᠬᠦ ᠵᠠᠷᠤᠴᠠᠭᠤᠯᠵᠤ ᠮᠡᠩᠭᠡ ᠨᠤᠤᠯᠤᠭᠤᠷ ᠤᠨ ᠢᠮᠠᠭᠠᠨ ᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ 50 ᠮᠡᠩᠭᠡ ᠨᠤᠤᠯᠤᠭᠤᠷ ᠤᠨ ᠢᠮᠠᠭ᠎ᠠ ᠶᠢ ᠬᠤᠳᠠᠯᠳᠤᠨ ᠠᠪᠴᠢᠷᠠᠵᠤ ᠲᠡᠵᠢᠭᠡᠭᠡᠳ ᠤᠳᠤᠬᠠᠨ ᠪᠤᠯᠬᠤ ᠳᠤ 150 ᠭᠠᠷᠤᠢ ᠢᠮᠠᠭ᠎ᠠ ᠪᠤᠯᠵᠤ ᠦᠷᠡᠵᠢᠵᠠᠢ᠃ ᠡᠨᠡ ᠬᠤᠶᠠᠷ ᠵᠢᠯ ᠢᠮᠠᠭᠠᠨ ᠨᠤᠤᠯᠤᠭᠤᠷ ᠬᠤᠳᠠᠯᠳᠤᠭᠠᠳ ᠨᠡᠶᠢᠳᠡ 5 ᠲᠦᠮᠨ ᠭᠠᠷᠤᠢ ᠲᠦᠭᠦᠷᠢᠭ ᠤᠨ ᠤᠷᠤᠯᠬ᠋᠎ᠠ ᠡᠭᠦᠳᠪᠡ︾ ᠭᠡᠪᠡ᠃   ᠤᠶᠢᠯᠠᠭᠠᠭᠰᠠᠨ ᠢᠶᠠᠷ᠂ ᠵᠠᠬ᠎ᠠ ᠲᠡᠯᠭᠡᠭᠦᠷ ᠳᠡᠭᠡᠷᠡᠬᠢ ᠡ᠊ᠡᠭ ᠤᠨ ᠢᠰᠢᠭᠡ ᠶᠢᠨ ᠦᠨ᠎ᠠ 700 — 800 ᠲᠦᠭᠦᠷᠢᠭ ᠲᠤ ᠬᠦᠷᠳᠡᠭ ᠪᠤᠯ ᠮᠡᠩᠭᠡ ᠨᠤᠤᠯᠤᠭᠤᠷ ᠤᠨ ᠢᠮᠠᠭᠠᠨ ᠤ ᠢᠰᠢᠭᠡ ᠶᠢᠨ ᠦᠨ᠎ᠡ ᠨᠢ 3000 — 10000 ᠲᠦᠭᠦᠷᠢᠭ ᠲᠤ ᠬᠦᠷᠳᠡᠭ ᠶᠤᠮ᠃ ᠤᠷᠬᠢᠯᠳᠤ᠄ ︽ᠵᠢᠱᠢᠭᠰᠡᠨ ᠢᠶᠠᠷ᠂ ᠪᠢᠳᠡᠨ ᠤ ᠮᠡᠩᠭᠡ ᠨᠤᠤᠯᠤᠭᠤᠷ ᠤᠨ ᠢᠮᠠᠭᠠᠨ ᠤ ᠰᠠᠭᠤᠷᠢᠨ ᠭᠠᠵᠠᠷ ᠲᠠᠷᠠᠭ᠎ᠠ ᠵᠢᠯ ᠠᠴᠠ ᠡᠬᠢᠯᠡᠵᠤ ᠵᠢᠯ ᠪᠦ᠋ᠷᠢ 200 ᠭᠠᠷᠤᠢ ᠢᠰᠢᠭᠡ ᠬᠤᠳᠠᠯᠳᠤᠵᠤ ᠲᠠᠶᠢᠯᠤᠨ᠎ᠡ︾ ᠭᠡᠵᠤ ᠪᠠᠶᠢᠯ᠎ᠡ᠃ 
ᠢᠷᠡᠯᠲᠡ᠄ ᠤᠷᠳᠤᠰ ᠤᠨ ᠡᠳᠤᠷ ᠤᠨ ᠰᠤᠨᠢᠨ