ᠦᠶᠡᠷ ᠤᠰᠤᠳᠤᠯ ᠤᠨ ᠲᠠᠷᠠᠭ᠎ᠠ ᠠᠩᠬᠠᠷᠬᠤ ᠵᠦᠢᠯ
ᠨᠡᠶᠢᠲᠡᠯᠡᠭᠰᠡᠨ ᠴᠠᠭ᠄
2023/8/8
      ᠰᠢᠷᠦᠭᠦᠨ ᠪᠣᠷᠣᠭᠠᠨ ᠣᠷᠣᠵᠤ ᠦᠶᠡᠷ ᠪᠠᠭᠤᠭᠰᠠᠨ ᠤ ᠲᠠᠷᠠᠭ᠎ᠠ ᠳᠣᠣᠷᠠᠬᠢ ᠵᠦᠢᠯ ᠢ ᠠᠩᠬᠠᠷᠬᠤ ᠬᠡᠷᠡᠭᠲᠡᠢ᠃       ᠨᠢᠭᠡ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠬᠦ ᠬᠡᠷᠡᠭᠲᠡᠢ᠃ ᠰᠢᠪᠠᠷ ᠴᠢᠯᠠᠭᠤᠨ ᠤ ᠤᠷᠤᠰᠬᠠᠯ᠂ ᠭᠤᠯᠭᠤᠭ᠎ᠠ ᠪᠠᠯ ᠤᠨ ᠨᠤᠷᠠᠯᠲᠠ ᠵᠡᠷᠭᠡ  ᠶᠢᠨ ᠡᠭᠦᠰᠬᠦ ᠴᠠᠭ ᠨᠢ ᠣᠬᠤᠷ᠂ ᠭᠡᠨᠡᠳᠲᠡ ᠶᠢᠨ ᠴᠢᠨᠠᠷ ᠪᠠ ᠡᠪᠳᠡᠯᠭᠡ ᠶᠢᠨ ᠴᠢᠨᠠᠷ ᠢᠶᠠᠷ ᠴᠢᠩᠭ᠎ᠠ ᠪᠠᠶᠢᠳᠠᠭ᠃       ᠬᠤᠶᠠᠷ᠂ ᠢᠳᠡᠭᠡᠨ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠢᠳᠡᠭᠡᠨ ᠳᠤ ᠬᠤᠣᠷᠳᠠᠭᠳᠠᠬᠤ ᠨᠢ ᠤᠯᠠᠨ ᠨᠡᠶᠢᠲᠡ  ᠶᠢᠨ ᠠᠮᠤᠷ ᠲᠦᠪᠰᠢᠨ ᠢ ᠰᠦᠷᠳᠡᠭᠦᠯᠳᠡᠭ᠃ ᠢᠳᠡᠭᠡᠨ ᠤᠮᠳᠠᠭᠠᠨ ᠤ ᠠᠷᠢᠭᠤᠨ ᠴᠡᠪᠡᠷ ᠪᠣᠯᠣᠨ ᠠᠮᠤᠷ ᠲᠦᠪᠰᠢᠨ ᠢ ᠠᠩᠬᠠᠷᠴᠤ᠂ ᠢᠳᠡᠭᠡᠨ ᠠᠴᠠ ᠪᠣᠯᠤᠭᠰᠠᠨ ᠡᠪᠡᠳᠴᠢᠨ ᠢ ᠰᠡᠷᠭᠡᠶᠢᠯᠡᠨ᠎ᠡ᠃       ᠭᠤᠷᠪᠠ᠂ ᠦᠶᠡᠷ ᠤᠨ ᠳᠠᠷᠠᠭ᠎ᠠ ᠳᠡᠪᠲᠦᠵᠦ ᠥᠩᠭᠡᠷᠡᠭᠰᠡᠨ ᠭᠡᠷ ᠤᠨ ᠡᠳ᠋ᠯᠡᠯ ᠬᠡᠷᠡᠭᠰᠡᠯ ᠪᠤᠶᠤ ᠤᠮᠳᠠᠭᠠᠨ ᠤ ᠵᠦᠢᠯ ᠢᠯᠵᠠᠷᠠᠵᠤ ᠸᠠᠯᠠᠨ ᠡᠪᠡᠳᠴᠢᠨ ᠤ ᠪᠡᠺᠲ᠋ᠧᠷᠢ ᠡᠭᠦᠰᠬᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠣᠮᠲᠣᠭᠠᠶᠢᠯᠠᠵᠤ ᠪᠤᠯᠬᠤ ᠦᠭᠡᠢ᠃       ᠳᠥᠷᠪᠡ᠂ ᠢᠯᠠᠭ᠎ᠠ ᠪᠠᠲᠠᠭᠠᠨ᠎ᠠ ᠶᠢᠨ ᠡᠪᠡᠳᠴᠢᠨ ᠬᠢᠵᠢᠭ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ ᠢᠯᠠᠭ᠎ᠠ ᠪᠠᠲᠠᠭᠠᠨ᠎ᠠ ᠬᠤᠯᠤᠭᠠᠨ᠎ᠠ ᠵᠡᠷᠭᠡ ᠨᠢ ᠶᠡᠭᠡ ᠬᠡᠮᠵᠢᠶ᠎ᠡ ᠪᠠᠷ ᠨᠡᠮᠡᠭᠳᠡᠵᠦ᠂ ᠤᠯᠠᠨ ᠵᠦᠢᠯ ᠤᠨ ᠡᠪᠡᠳᠴᠢᠨ ᠲᠠᠷᠬᠠᠭᠠᠳᠠᠭ᠃       ᠲᠠᠪᠤ᠂ ᠲᠠᠷᠢᠮᠠᠯ ᠤᠨ ᠡᠪᠡᠳᠴᠢᠨ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠤᠷᠭᠤᠮᠠᠯ ᠤᠨ ᠬᠠᠲᠠᠩᠬᠢᠷᠠᠬᠤ ᠡᠪᠡᠳᠴᠢᠨ᠂ ᠴᠠᠭᠠᠨ ᠬᠥᠭᠡᠴᠦ  ᠶᠢᠨ ᠡᠪᠡᠳᠴᠢᠨ ᠵᠡᠷᠭᠡ ᠡᠬᠦᠰᠳᠡᠭ ᠪᠣᠯᠬᠤᠷ ᠦᠶᠡᠷ ᠤᠨ ᠳᠠᠷᠠᠭ᠎ᠠ ᠣᠷᠴᠢᠨ ᠲᠣᠭᠤᠷᠢᠨ ᠢᠶᠠᠨ ᠴᠠᠭ ᠲᠤᠬᠠᠢ ᠳᠤ ᠨᠢ ᠴᠡᠪᠡᠷᠯᠡᠬᠦ ᠬᠡᠷᠡᠭᠲᠡᠢ᠃ ᠵᠢᠷᠭᠤᠭ᠎ᠠ᠂ ᠭᠡᠷ ᠤᠨ ᠲᠡᠵᠢᠭᠡᠪᠦᠷᠢ ᠶᠢᠨ ᠪᠣᠬᠢᠷᠳᠤᠯ ᠢ ᠰᠡᠷᠭᠡᠶᠢᠯᠡᠬᠦ ᠬᠡᠷᠡᠭᠲᠡᠢ᠃ ᠦᠶᠡᠷ ᠤᠨ ᠳᠠᠷᠠᠭ᠎ᠠ᠂ ᠠᠮᠢᠲᠠᠨ ᠤ ᠦᠬᠦᠳᠡᠯ ᠢ ᠴᠠᠭ ᠲᠤᠬᠠᠢ ᠳᠤ ᠨᠢ ᠪᠤᠯᠠᠬᠤ ᠪᠤᠶᠤ ᠰᠢᠲᠠᠭᠠᠵᠤ᠂ ᠰᠠᠭᠤᠭ᠎ᠠ ᠭᠠᠵᠠᠷ ᠪᠠ ᠤᠰᠤᠨ ᠤ ᠡᠬᠢ ᠰᠤᠷᠪᠤᠯᠵᠢ ᠠᠴᠠ 50 ᠮᠧᠲᠷ ᠤᠨ ᠬᠤᠯᠠ᠂ ᠬᠤᠶᠠᠷ ᠮᠧᠲᠷ ᠣᠷᠴᠢᠮ ᠤᠨ ᠭᠦᠨ ᠨᠦᠬᠡ ᠮᠠᠯᠲᠠᠨ ᠪᠤᠯᠠᠵᠤ ᠳᠠᠷᠤᠨ᠎ᠠ᠃       2022 ᠣᠨ ᠤ ᠳᠡᠭᠡᠷ᠎ᠡ ᠬᠠᠭᠠᠰ ᠵᠢᠯ ᠳᠤ᠂ ᠪᠦᠬᠦ ᠤᠯᠤᠰ ᠲᠤ ᠨᠡᠶᠢᠲᠡ 18 ᠤᠳᠠᠭ᠎ᠠ ᠶᠢᠨ ᠣᠷᠣᠨ ᠪᠦᠰᠡ ᠶᠢᠨ ᠴᠢᠨᠠᠷᠲᠠᠢ ᠰᠢᠷᠦᠭᠦᠨ ᠪᠣᠷᠣᠭᠠᠨ ᠣᠷᠣᠵᠤ᠂ ᠬᠤᠷ᠎ᠠ ᠲᠤᠨᠳᠠᠰᠤᠨ ᠤ ᠬᠡᠮᠵᠢᠶ᠎ᠡ 306 ᠮᠢᠯᠢᠮᠧᠲᠷ ᠲᠤ ᠬᠦᠷᠴᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 11%᠎ ᠪᠠᠷ ᠨᠡᠮᠡᠭᠳᠡᠵᠦ᠂ ᠡᠮᠦᠨᠡᠲᠦ ᠣᠷᠣᠨ᠂ ᠬᠥᠬᠡᠮᠥ᠋ᠷᠡᠨ ᠤ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠤᠨ ᠪᠣᠷᠣᠭᠠᠨ  ᠤ ᠬᠡᠮᠵᠢᠶ᠎ᠡ ᠪᠠᠭ᠎ᠠ ᠢᠯᠡᠭᠦᠦ ᠪᠠᠶᠢᠵᠤ᠂ ᠬᠠᠲᠤᠨ ᠭᠤᠣᠯ ᠬᠤᠸᠠᠶᠢᠾᠧ ᠭᠤᠣᠯ ᠤᠨ ᠪᠠᠷᠠᠭᠤᠨ ᠬᠡᠰᠡᠭ᠂ ᠤᠮᠠᠷᠠᠲᠤ ᠣᠷᠣᠨ ᠤ ᠪᠠᠷᠠᠭᠤᠨ ᠬᠡᠰᠡᠭ᠂ ᠪᠠᠷᠠᠭᠤᠨ ᠬᠤᠶᠢᠲᠤ ᠣᠷᠣᠨ ᠵᠡᠷᠭᠡ ᠭᠠᠵᠠᠷ ᠤᠨ ᠪᠣᠷᠣᠭᠠᠨ ᠤ ᠬᠡᠮᠵᠢᠶ᠎ᠡ ᠨᠡᠯᠢᠶᠡᠳ ᠪᠠᠭ᠎ᠠ ᠪᠠᠶᠢᠪᠠ᠃ ᠡᠮᠦᠨᠡᠲᠦ ᠣᠷᠣᠨ ᠤ ᠦᠶᠡᠷ ᠠᠴᠠ ᠡᠮᠦᠨᠡᠬᠢ ᠬᠤᠭᠤᠴᠠᠭᠠᠨ ᠤ ᠪᠣᠷᠣᠭᠠᠨ ᠤ ᠬᠡᠮᠵᠢᠶ᠎ᠡ᠂ ᠨᠥᠯᠥᠭᠡᠯᠡᠬᠦ ᠬᠡᠪᠴᠢᠶ᠎ᠡ ᠥᠷᠭᠡᠨ ᠪᠠᠶᠢᠵᠤ᠂ ᠦᠷᠬᠦᠯᠵᠢᠯᠡᠭᠰᠡᠨ ᠴᠠᠭ ᠨᠢ ᠤᠷᠲᠤ᠂ ᠭᠠᠮᠰᠢᠭ ᠤᠨ ᠬᠤᠬᠢᠷᠠᠯ ᠨᠢ ᠬᠦᠨᠳᠦ ᠪᠠᠶᠢᠪᠠ᠃ ᠪᠦᠬᠦ ᠤᠯᠤᠰ ᠲᠤ ᠨᠡᠶᠢᠲᠡ 21 ᠮᠤᠵᠢ ︵ᠣᠷᠣᠨ᠂ ᠬᠤᠲᠠ︶᠎ ᠶᠢᠨ 426 ᠭᠤᠣᠯ ᠮᠥᠷᠡᠨ ᠳᠤ ᠰᠡᠷᠡᠮᠵᠢᠯᠡᠬᠦᠯᠦᠯ ᠤᠨ ᠬᠡᠮᠵᠢᠶ᠎ᠡ ᠶᠢ ᠳᠠᠪᠠᠭᠰᠠᠨ ᠦᠶᠡᠷ ᠪᠠᠭᠤᠵᠠᠢ᠃ ᠶᠡᠷᠦᠩᠬᠡᠢ ᠳᠤ ᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ᠂ ᠦᠶᠡᠷ ᠤᠰᠤᠳᠠᠯ ᠤᠨ ᠭᠠᠮᠰᠢᠭ ᠲᠤ 2046 ᠲᠦᠮᠡᠨ ᠬᠥᠮᠥᠨ ᠤᠳᠠᠭ᠎ᠠ ᠭᠠᠮᠰᠢᠭᠳᠠᠵᠤ᠂ ᠭᠠᠮᠰᠢᠭ ᠠᠴᠠ ᠪᠣᠯᠵᠤ 39 ᠬᠥᠮᠥᠨ ᠠᠳᠡᠵᠦ ᠰᠤᠷᠠᠭ ᠳᠠᠰᠤᠷᠠᠵᠤ᠂ 1.6 ᠲᠦᠮᠡᠨ ᠲᠠᠰᠤᠯᠭ᠎ᠠ ᠭᠡᠷ ᠪᠠᠶᠢᠰᠢᠩ ᠨᠤᠷᠠᠵᠤ᠂ ᠠᠵᠤ ᠠᠬᠤᠢ  ᠶᠢᠨ ᠰᠢᠭᠤᠳ ᠬᠤᠬᠢᠷᠠᠯ 628 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ