ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2023/8/9
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 8 ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠠᠷᠤᠳᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠪᠡ᠃      ᠣᠶᠢᠯᠠᠭᠠᠭᠰᠠᠨ ᠢᠶᠠᠷ ᠬᠡᠰᠡᠭ ᠡᠪᠡᠳᠴᠢᠨ ᠤ ᠲᠥᠷᠥᠯ ᠤᠨ ᠬᠠᠷᠠᠭᠠᠯᠵᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠨᠢᠭᠡ ᠵᠢᠯ ᠤᠨ ᠳᠣᠲᠣᠷ᠎ᠠ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠢ ᠤᠤᠯ ᠤᠨ ᠡᠬᠢᠯᠡᠵᠦ ᠲᠥᠯᠥᠬᠦ ᠱᠤᠭᠤᠮ ᠠᠴᠠ 3.5 ᠲᠦᠮᠡᠨ ᠲᠥᠭᠦᠷᠢᠭ ᠤᠨ ᠬᠤᠭᠤᠷᠣᠨᠳᠣᠭᠢ ᠵᠠᠷᠤᠳᠠᠯ ᠤᠨ ᠲᠥᠯᠥᠬᠦ ᠬᠠᠷᠢᠴᠠᠯ ᠨᠢ 80%᠂ 3.5 ᠲᠦᠮᠡᠨ ᠲᠥᠭᠦᠷᠢᠭ ᠠᠴᠠ ᠳᠡᠭᠡᠳᠦ ᠬᠢᠵᠠᠭᠠᠷ ᠱᠤᠭᠤᠮ ᠤᠨ ᠬᠤᠭᠤᠷᠣᠨᠳᠣᠭᠢ ᠵᠠᠷᠤᠳᠠᠯ ᠤᠨ ᠲᠥᠯᠥᠬᠦ ᠬᠠᠷᠢᠴᠠᠯ ᠨᠢ 90% ᠪᠠᠶᠢᠵᠤ᠂ ᠲᠠᠩᠰᠠ ᠲᠠᠶᠢᠯᠬᠤ ᠬᠡᠪᠴᠢᠶ᠎ᠡ ᠪᠣᠯᠭᠠᠨ ᠲᠣᠬᠢᠷᠠᠭᠤᠯᠵᠤ᠂ ᠴᠢᠰᠤ ᠶᠢ ᠨᠡᠪᠴᠢᠭᠦᠯᠦᠨ ᠢᠯᠭᠠᠷᠠᠭᠤᠯᠬᠤ ᠪᠠ ᠬᠡᠪᠡᠯᠢ ᠶᠢᠨ ᠬᠠᠯᠢᠰᠤ ᠶᠢ ᠨᠡᠪᠴᠢᠭᠦᠯᠦᠨ ᠢᠯᠭᠠᠷᠠᠭᠤᠯᠬᠤ ᠡᠮᠴᠢᠯᠡᠭᠡᠨ ᠤ ᠲᠥᠯᠥᠬᠦ ᠬᠠᠷᠢᠴᠠᠯ ᠨᠢ 96%᠂ ᠨᠡᠬᠡᠳᠡᠰᠦ ᠶᠢᠨ ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡᠨ ᠤ ᠲᠥᠯᠥᠬᠦ ᠬᠠᠷᠢᠴᠠᠯ ᠨᠢ 95%᠂ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ ᠤᠨ ᠲᠥᠯᠥᠬᠦ ᠬᠠᠷᠢᠴᠠᠯ ᠨᠢ 90% ᠪᠣᠯᠣᠨ᠎ᠠ ; ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠭᠦᠷᠳᠡᠭᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠤᠤᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠪᠠ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ ᠬᠠᠮᠲᠤ ᠳᠤᠨᠢ ᠬᠦᠷᠲᠡᠵᠦ ᠪᠤᠯᠬᠤ ᠦᠭᠡᠢ ᠪᠠᠶᠢᠭᠰᠠᠨ ᠢ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠬᠦᠷᠲᠡᠵᠦ ᠪᠠᠶᠢᠭ᠎ᠠ ᠳᠠᠭᠠᠳᠬᠠᠯ ᠳᠤ ᠣᠷᠣᠯᠴᠠᠭᠰᠠᠳ ᠪᠣᠯᠭᠠᠨ ᠲᠣᠬᠢᠷᠠᠭᠤᠯᠬᠤ ᠳᠠᠭᠠᠨ ᠳᠤᠰ ᠬᠤᠶᠠᠷ ᠬᠠᠷᠠᠭᠠᠯᠵᠠᠯ ᠢ ᠬᠠᠮᠲᠤ ᠎ ᠳᠤᠨᠢ ᠬᠦᠷᠲᠡᠵᠦ ᠪᠤᠯᠬᠤ ᠪᠣᠯᠭᠠᠪᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ