︽ᠪᠣᠷᠣ ᠢᠳᠡᠭᠡᠨ︾ ᠡᠷᠡᠭᠦᠯ ᠪᠡᠶ᠎ᠡ ᠶᠢᠨ ᠪᠠᠳᠤᠯᠠᠭ᠎ᠠ
ᠨᠡᠶᠢᠲᠡᠯᠡᠭᠰᠡᠨ ᠴᠠᠭ᠄
2023/9/11
    ᠪᠥᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠳᠡᠭᠡᠭᠰᠢᠯᠡᠬᠦ ᠶᠢ ᠳᠠᠭᠠᠯᠳᠤᠨ᠂ ᠬᠦᠮᠦᠰ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ‌ᠮᠠᠶ᠋ᠢᠭ ᠢ ᠬᠦᠭᠡᠭᠡᠴᠡᠯᠳᠤᠵᠤ᠂ ᠪᠡᠶ᠎ᠡ ᠪᠠᠨ ᠴᠢᠩᠭ᠎ᠠ ᠱᠠᠭᠠᠷᠳᠠᠨ ᠢᠳᠡᠪᠬᠢᠲᠡᠶ ᠦᠢᠯᠡᠳᠦᠯᠭᠡᠵᠢᠭᠦᠯᠵᠦ ᠪᠠᠶᠢᠨ᠎ᠠ᠃    ᠣᠶᠢᠷ᠎ᠠ ᠳᠤ᠂ ᠥᠤᠰᠢᠨ ᠬᠤᠰᠢᠭᠤᠨ ᠤ ᠵᠠᠯᠠᠭᠤ ᠬᠤᠪᠢ ᠶᠢᠨ ᠡᠵᠡᠩᠨᠡᠭᠴᠢ ᠦᠢᠯᠡᠰ ᠤᠨ ᠡᠷᠬᠢᠯᠡᠭᠰᠡᠨ ︽ᠰᠢᠶᠠ ᠱᠦ ᠪᠣᠷᠣ ᠢᠳᠡᠭᠡᠨ︾᠎ ᠤ ᠳᠡᠯᠭᠡᠭᠦᠷ ᠨᠢ ᠮᠠᠰᠢ ᠤᠯᠠᠨ ᠬᠡᠷᠡᠭᠯᠡᠭᠴᠢᠳ ᠤᠨ ᠬᠦᠷᠢᠶᠡᠯᠡᠯ ᠢ ᠣᠯᠵᠠᠢ᠃ ᠰᠤᠷᠪᠤᠯᠵᠢᠯᠠᠭᠴᠢ ︽ᠰᠢᠶᠠ ᠱᠤ ᠪᠣᠷᠣ ᠢᠳᠡᠭᠡᠨ︾᠎ ᠤ ᠳᠡᠯᠭᠡᠭᠦᠷ ᠲᠤ ᠬᠦᠷᠬᠦ ᠳᠤ᠂ ᠦᠢᠯᠡᠰ ᠶᠠᠭ ᠦᠳᠡ ᠶᠢᠨ ᠬᠤᠭᠤᠯᠠ ᠪᠠᠨ ᠪᠡᠯᠡᠳᠭᠡᠵᠤ ᠶᠠᠭᠠᠷᠠᠵᠤ ᠪᠠᠶᠢᠯ᠎ᠠ᠃ ᠪᠤᠷᠤ ᠬᠤᠭᠤᠯᠠ ᠨᠢ ᠥᠭᠡᠬᠦ ᠪᠠᠭ᠎ᠠ ᠲᠠᠢ᠂ ᠢᠯᠴᠢ ᠪᠠᠭ᠎ᠠ ᠲᠠᠢ᠂ ᠰᠢᠬᠢᠷ ᠪᠠᠭ᠎ᠠ ᠲᠠᠢ᠂ ᠳᠠᠪᠤᠰᠤ ᠪᠠᠭ᠎ᠠ ᠲᠠᠢ᠂ ᠰᠢᠷᠬᠡᠭᠯᠢᠭ ᠨᠢ ᠲᠤᠮᠤ ᠪᠠᠶᠢᠳᠠᠭ ᠠᠴᠠ ᠬᠤᠭᠤᠯᠠᠯᠠᠬᠤ ᠳᠤ ᠪᠡᠶᠡᠨ ᠳᠤ ᠳᠠᠷᠤᠭᠠᠰᠤ ᠦᠭᠡᠢ ᠮᠦᠷᠲᠡᠭᠡᠨ ᠴᠠᠳᠬᠤᠯᠠᠩ ᠰᠠᠨᠠᠭᠳᠠᠳᠠᠭ᠃ ᠵᠢᠱᠢᠶᠡᠯᠡᠪᠡᠯ᠂ ᠪᠦᠳᠦᠭᠦᠯᠢᠭ ᠠᠮᠤ᠂ ᠲᠠᠬᠢᠶᠠᠨ ᠤ ᠴᠡᠭᠡᠵᠢᠨ ᠮᠢᠬ᠎ᠠ᠂ ᠬᠠᠲᠠᠭᠤ ᠵᠢᠮᠢᠰ ᠵᠡᠷᠭᠡ ᠨᠢ ᠡᠳᠦᠷ ᠲᠤᠲᠤᠮ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ᠂ ᠮᠠᠷᠢᠶ᠎ᠠ ᠰᠢᠭᠤᠷᠠᠭᠤᠯᠵᠤ ᠬᠡᠯᠪᠡᠷᠢ ᠱᠤᠭᠤᠬᠤ ᠳᠤ ᠴᠤ ᠲᠦᠢᠯ ᠤᠨ ᠶᠡᠭᠡ ᠬᠠᠪᠰᠤᠷᠤᠯᠭ᠎ᠠ ᠲᠠᠢ ᠶᠤᠮ᠃ ᠦᠢᠯᠡᠰ ᠬᠤᠭᠤᠯᠠ ᠪᠠᠨ ᠬᠢᠵᠦ ᠪᠠᠷᠠᠪᠠᠯ ᠵᠢᠷᠬᠢᠶ᠎ᠠ ᠴᠤᠭᠯᠠᠷᠠᠯ ᠳᠡᠭᠡᠷ᠎ᠡ ᠬᠤᠪᠢᠶᠠᠯᠴᠠᠵᠤ᠂ ᠬᠦᠮᠦᠰ ᠠᠵᠢᠯ ᠪᠠᠭᠤᠬᠤ ᠠᠴᠠ ᠪᠠᠨ ᠡᠮᠦᠨ᠎ᠡ ᠬᠤᠭᠤᠯᠠ ᠪᠠᠨ ᠵᠠᠬᠢᠶᠠᠯᠠᠵᠤ᠂ ᠠᠵᠢᠯᠯᠠᠳᠠᠭ ᠬᠦᠮᠦᠰ ᠲᠤ ᠮᠠᠰᠢ ᠶᠡᠭᠡ ᠲᠦᠭᠦᠮ ᠲᠥᠳᠡ ᠶᠢ ᠠᠪᠴᠢᠷᠠᠭᠰᠠᠨ ᠪᠠᠶᠢᠨ᠎ᠠ᠃    ᠥᠤᠰᠢᠨ ᠬᠤᠰᠢᠭᠤᠨ ᠤ ᠰᠠᠭᠤᠭᠠᠯᠢ ᠠᠷᠠᠳ ᠠᠶᠠᠰ᠄ ︽ᠪᠢ ᠲᠤᠰ ᠬᠤᠭᠤᠯᠠ ᠶᠢ ᠨᠢᠭᠡ ᠭᠠᠷᠠᠭ ᠲᠤ ᠬᠤᠶᠠᠷ ᠠᠴᠠ ᠭᠤᠷᠪᠠ ᠤᠳᠠᠭ᠎ᠠ ᠢᠳᠡᠵᠦ ᠪᠠᠶᠢᠨ᠎ᠠ᠃ ᠠᠵᠢᠯ ᠠᠴᠠ ᠪᠠᠭᠤᠬᠤ ᠶᠢᠨ ᠤᠷᠢᠲᠠᠢ ᠵᠢᠷᠬᠢᠶ᠎ᠠ ᠶᠢᠨ ᠬᠤᠯᠪᠤᠭᠠᠨ ᠳᠡᠭᠡᠷ᠎ᠡ ᠵᠠᠬᠢᠶᠠᠯᠠᠵᠤ᠂ ᠬᠤᠭᠤᠯᠠ ᠪᠠᠨ ᠤᠷᠢᠳ ᠢᠶᠠᠷ ᠪᠡᠯᠡᠳᠭᠡᠴᠢᠬᠡᠨ᠎ᠡ᠂ ᠠᠵᠢᠯ ᠠᠴᠠ ᠪᠠᠨ ᠪᠠᠭᠤᠭᠰᠠᠭᠠᠷ ᠢᠷᠡᠵᠤ ᠢᠳᠡᠬᠦ ᠳᠤ ᠴᠠᠭ ᠲᠤ ᠠᠷᠪᠢᠲᠠᠢ᠃ ᠲᠤᠰ ᠬᠤᠭᠤᠯᠠ ᠨᠢ ᠪᠡᠶᠡᠨ ᠳᠤ ᠶᠡᠭᠡ ᠳᠠᠷᠤᠭᠠᠰᠤ ᠪᠠᠶᠢᠬᠤ ᠥᠬᠡᠶ᠂ ᠮᠠᠷᠢᠶ᠎ᠠ ᠰᠢᠭᠤᠷᠠᠭᠤᠯᠬᠤ ᠬᠤᠭᠤᠴᠠᠭᠠᠨ ᠳᠤ ᠲᠤᠰ ᠬᠤᠭᠤᠯᠠ ᠶᠢ ᠢᠳᠡᠭᠰᠡᠭᠡᠷ ᠮᠠᠷᠢᠶ᠎ᠠ ᠰᠢᠭᠤᠷᠠᠳᠠᠭ︾ ᠭᠡᠵᠤ ᠮᠠᠰᠢ ᠬᠠᠨᠤᠮᠵᠢᠲᠠᠢ ᠶᠡᠷᠢᠵᠤ ᠪᠠᠶᠢᠯ᠎ᠡ᠃   ᠣᠶᠢᠷ᠎ᠠ ᠶᠢᠨ ᠵᠢᠯ ᠠᠴᠠ ᠨᠠᠭᠠᠰᠢ ᠬᠡᠷᠡᠭᠯᠡᠭᠴᠢᠳ ᠢᠳᠡᠭᠡᠨ ᠤᠮᠳᠠᠭᠠᠨ ᠪᠠ ᠰᠢᠮ᠎ᠡ ᠲᠡᠵᠢᠭᠡᠯ ᠤᠨ ᠲᠣᠬᠢᠷᠠᠭᠤᠯᠤᠯᠲᠠ ᠳᠤ ᠮᠠᠰᠢ ᠥᠨᠳᠥᠷ ᠱᠠᠭᠠᠷᠳᠠᠯᠭ᠎ᠠ ᠲᠠᠢ ᠪᠣᠯᠵᠠᠶ᠃ ᠪᠤᠷᠤ ᠬᠤᠭᠤᠯᠠ ᠨᠢ ᠴᠠᠭ ᠤᠨ ᠤᠷᠤᠰᠬᠠᠯ ᠪᠤᠯᠵᠤ ᠪᠠᠶᠢᠬᠰᠠᠨ ᠠᠴᠠ ᠪᠠᠨ ᠠᠭᠠᠵᠢᠮ ᠢᠶᠠᠷ ᠣᠯᠠᠨ ᠲᠦᠮᠡᠨ ᠤ ᠢᠳᠡᠭᠡᠨ ᠤ ᠰᠣᠩᠭᠤᠯᠲᠠ ᠪᠣᠯᠵᠤ᠂ ᠨᠢᠭᠡ ᠵᠦᠢᠯ ᠤᠨ ᠡᠷᠡᠭᠦᠯ ᠴᠢᠭᠢᠷᠠᠭ ᠢᠳᠡᠭᠡᠨ ᠤᠮᠳᠠᠭᠠᠨ ᠤ ᠠᠮᠢᠳᠤᠷᠠᠯ ᠤᠨ ᠠᠷᠭ᠎ᠠ ᠮᠠᠶ᠋ᠢᠭ ᠪᠣᠯᠵᠤ ᠪᠠᠶᠢᠨ᠎ᠠ᠃    ᠪᠡᠶ᠎ᠡ ᠲᠠᠰᠬᠠᠯᠵᠢᠭᠤᠯᠤᠭᠴᠢ ᠴᠡᠯᠡᠭᠡᠷ᠄ ︽ᠮᠠᠨᠤᠰ ᠰᠢᠭ ᠪᠡᠶ᠎ᠡ ᠪᠠᠨ ᠪᠤᠯᠪᠠᠰᠤᠷᠠᠭᠤᠯᠳᠠᠭ ᠬᠦᠮᠦᠰ ᠲᠤ ᠡᠨᠡ ᠪᠤᠳᠠᠭ᠎ᠠ ᠶᠠᠭ ᠲᠣᠬᠢᠷᠠᠵᠤ ᠪᠠᠶᠢᠨ᠎ᠠ᠂ ᠤᠭᠤᠷᠠᠭ ᠤᠨ ᠲᠦᠷᠦᠯ᠂ ᠦᠭᠡᠬᠦᠨ ᠤ ᠲᠦᠷᠦᠯ᠂ ᠵᠢᠮᠢᠰ ᠤᠨ ᠲᠦᠷᠦᠯ᠂ ᠨᠤᠭᠤᠭᠠᠨ ᠤ ᠲᠦᠷᠦᠯ᠂ ᠪᠤᠳᠠᠭᠠᠨ ᠤ ᠲᠦᠷᠦᠯ ᠪᠦᠷ ᠪᠠᠭᠲᠠᠵᠤ ᠪᠠᠶᠢᠨ᠎ᠠ᠃ ᠮᠠᠨᠤᠰ ᠡᠩ ᠤᠨ ᠴᠠᠭ ᠲᠤ ᠪᠡᠶ᠎ᠡ ᠪᠠᠨ ᠪᠤᠯᠪᠠᠰᠤᠷᠠᠭᠤᠯᠬᠤ ᠳᠤ ᠢᠳᠡᠰᠢ ᠪᠤᠯ ᠮᠠᠰᠢ ᠴᠢᠬᠤᠯᠠ᠃ ᠡᠯᠳᠡᠪ ᠵᠦᠢᠯ ᠤᠨ ᠰᠢᠮ᠎ᠡ ᠲᠡᠵᠢᠭᠡᠯ ᠢ ᠪᠥᠭᠦ ᠲᠠᠯ᠎ᠠ ᠠᠴᠠ ᠨᠦᠬᠦᠬᠦ ᠴᠢᠬᠤᠯᠠᠲᠠᠢ᠃ ᠡᠶᠢᠮᠤ ᠠᠴᠠ ᠡᠨᠡ ᠬᠤᠭᠤᠯᠠᠨ ᠭᠡᠷ ᠨᠢ ᠪᠢᠳᠠᠨ ᠳᠤ ᠶᠡᠭᠡ ᠲᠠᠭᠠᠯᠠᠭᠳᠠᠵᠤ ᠪᠠᠶᠢᠨ᠎ᠠ︾ ᠭᠡᠵᠡᠢ᠃     ︽ᠮᠠᠨ ᠤ ᠬᠤᠭᠤᠯᠠ ᠨᠠᠪᠴᠢ ᠨᠤᠭᠤᠭ᠎ᠠ᠂ ᠮᠢᠬᠠᠨ ᠤ ᠲᠤᠰ ᠪᠡᠶ᠎ᠡ ᠶᠢᠨ ᠰᠢᠮ᠎ᠡ ᠲᠡᠵᠢᠭᠡᠯ ᠢ ᠪᠥᠷᠢᠨ ᠬᠠᠳᠠᠭᠠᠯᠠᠵᠤ ᠪᠠᠶᠢᠳᠠᠭ᠂ ᠲᠡᠷᠡ ᠮᠦᠷᠳᠡᠭᠡᠨ ᠲᠣᠰᠣ᠂ ᠰᠢᠬᠢᠷ᠂ ᠲᠠᠪᠤᠰᠤ ᠪᠠᠭ᠎ᠠ᠃ ᠬᠦᠮᠦᠨ ᠤ ᠪᠡᠶ᠎ᠡ ᠶᠢᠨ ᠡᠷᠡᠭᠦᠯ ᠮᠡᠨᠳᠦ᠂ ᠮᠠᠷᠢᠶ᠎ᠠ ᠰᠢᠭᠤᠷᠠᠭᠤᠯᠬᠤ ᠳᠤ ᠲᠤᠰᠠᠲᠠᠢ ᠮᠦᠷᠳᠡᠭᠡᠨ ᠦᠨ᠎ᠡ ᠬᠠᠩᠰᠢ ᠨᠢ ᠨᠡᠯᠢᠶᠡᠳ ᠲᠤᠬᠢᠷᠠᠮᠵᠢᠲᠠᠢ᠂ 19 ᠲᠥᠭᠦᠷᠢᠭ ᠠᠴᠠ 35 ᠲᠥᠭᠦᠷᠢᠭ ᠤᠨ ᠬᠤᠭᠤᠷᠤᠨᠳᠤ ᠪᠠᠶᠢᠳᠠᠭ︾ ᠭᠡᠵᠤ ᠳᠡᠯᠭᠡᠭᠦᠷ ᠤᠨ ᠡᠵᠡᠨ ᠦᠢᠯᠡᠰ ᠠᠵᠢᠯ ᠤᠨ ᠲᠠᠯ᠎ᠠ ᠪᠠᠷ ᠲᠥᠬᠦᠮ ᠲᠠᠨᠢᠯᠴᠠᠭᠤᠯᠪᠠ᠃    ᠤᠶᠢᠯᠡᠰ ᠴᠤ ᠡᠨᠡ ᠠᠵᠢᠯ ᠢ ᠡᠬᠢᠯᠡᠬᠦᠯᠵᠤ ᠬᠢᠮᠡᠭᠴᠡ ᠡᠶᠢᠮᠤ ᠰᠠᠶᠢᠨ ᠥᠨᠡᠯᠡᠯᠲᠡ ᠶᠢ ᠤᠯᠤᠨ᠎ᠠ ᠭᠡᠵᠤ ᠤᠭᠳᠤ ᠪᠤᠳᠤᠭ᠎ᠠ ᠦᠭᠡᠢ ᠪᠠᠶᠢᠯ᠎ᠠ᠃ ᠡᠨᠡ ᠨᠢ ᠮᠥᠨ ᠴᠣ᠋ ᠵᠠᠯᠠᠭᠤᠴᠤᠳ ᠲᠤ ᠨᠠᠨᠳᠢᠨ ᠲᠤᠷᠰᠢᠯᠭ᠎ᠠ ᠪᠤᠯᠤᠭᠰᠠᠨ ᠪᠠᠶᠢᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ