9 ᠰᠠᠷ᠎ᠠ ᠳᠤ᠂ ᠡᠳᠡᠭᠡᠷ ᠰᠢᠨ᠎ᠡ ᠲᠣᠭᠲᠠᠭᠠᠯ ᠨᠢ ᠲᠠ ᠪᠢᠳᠡᠨ ᠤ ᠠᠮᠢᠳᠤᠷᠠᠯ ᠢ ᠨᠥᠯᠥᠭᠡᠯᠡᠬᠦ ᠪᠣᠯᠤᠨ᠎ᠠ
ᠨᠡᠶᠢᠲᠡᠯᠡᠭᠰᠡᠨ ᠴᠠᠭ᠄
2023/9/11
    ᠪᠥᠬᠦ ᠤᠯᠤᠰ ᠤᠨ ᠴᠢᠨᠠᠷᠲᠠᠶ ᠬᠠᠤᠯᠢ  ᠴᠠᠭᠠᠵᠠ᠂ ᠬᠠᠤᠯᠢ ᠲᠣᠭᠲᠠᠭᠠᠯ ᠤᠨ ᠤᠯᠤᠰ ᠤᠨ ᠰᠢᠨ᠎ᠡ ᠪᠠᠷᠢᠮᠵᠢᠶ᠎ᠠ ᠶᠢ ᠨᠡᠶᠢᠲᠡᠯᠡᠪᠡ︕ ᠴᠠᠢ᠂ ᠠᠷᠢᠬᠢᠨ ᠤ ᠵᠦᠢᠯ᠂ ᠭᠤᠶᠤᠯᠠᠯ ᠤᠨ ᠡᠳ᠋ ᠵᠡᠷᠭᠡ ᠶᠢᠨ ᠪᠤᠭᠤᠳᠠᠯ ᠪᠠᠭᠯᠠᠭ᠎ᠠ ᠶᠢ ᠲᠦᠭᠦᠮᠭᠡᠨ ᠪᠤᠯᠭᠠᠨ᠎ᠠ᠃    ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠲᠠᠸᠠᠷ ᠢ ᠬᠡᠲᠦ ᠪᠤᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠱᠠᠭᠠᠷᠳᠠᠯᠭ᠎ᠠ ᠢᠳᠡᠭᠡᠨ ᠪᠠ ᠭᠤᠶᠣᠯᠠᠯ ᠤᠨ ᠡᠳ᠋︾ ︵GB 23350 — 2021︶ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃    ᠨᠠᠰᠤᠲᠠᠶᠢᠴᠤᠳ᠂ ᠵᠡᠮᠳᠡᠭᠴᠦᠳ ᠤᠨ ᠠᠰᠠᠷ ᠠᠪᠠᠷᠢᠬᠤ ᠳᠤ ᠬᠦᠴᠢᠷᠳᠡᠵᠦ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠤᠮᠵᠢ ᠲᠠᠢ ᠪᠤᠯᠪᠠ᠃    ᠡᠭᠦᠨ ᠠᠴᠠ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠪᠠᠲᠤᠯᠠᠭᠰᠠᠨ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠥᠬᠡᠶ ᠣᠷᠴᠢᠨ ᠲᠣᠭᠤᠷᠢᠨ ᠢ ᠪᠥᠲᠥᠭᠡᠨ ᠪᠠᠶᠢᠭᠤᠯᠬᠤ ᠬᠠᠤᠯᠢ︾ ᠶᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠠᠤᠯᠢ ᠴᠠᠭᠠᠵᠠ ᠶᠢᠨ ᠲᠤᠰᠠᠯᠠᠮᠵᠢ ᠨᠢ ᠨᠠᠩ ᠣᠯᠠᠨ ᠠᠷᠠᠳ ᠢᠷᠭᠡᠳ ᠲᠤ ᠠᠰᠢᠭ ᠬᠦᠷᠲᠡᠭᠡᠬᠦ ᠪᠤᠯᠤᠨ᠎ᠠ᠃    ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠵᠢᠷᠤᠮ ᠤᠨ ᠲᠤᠬᠠᠶ ᠲᠣᠭᠲᠠᠭᠠᠯ︾ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠳᠦᠷᠢᠮ ᠢ ᠲᠡᠭᠦᠯᠳᠡᠷᠵᠢᠭᠦᠯᠵᠦ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ  ᠶᠢ ᠨᠠᠩ ᠵᠢᠷᠤᠮᠵᠢᠭᠤᠨ ᠪᠤᠯᠭᠠᠨ᠎ᠠ᠃    ᠡᠭᠦᠨ ᠠᠴᠠ ᠡᠮᠦᠨ᠎ᠡ᠂ ᠤᠯᠤᠰ ᠤᠨ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ ᠶᠢᠨ ᠵᠠᠷᠯᠢᠭ 19  ᠳ᠋ᠤᠭᠡᠷ‌‍ᠲ᠋ᠣᠭᠠᠲᠤ ᠳᠤ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ 2023ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃ ︽ᠠᠷᠭ᠎ᠠ︾ ᠨᠢ ᠨᠡᠶᠢᠲᠡ ᠠᠷᠪᠠᠨ ᠪᠦᠯᠦᠭ 76ᠵᠦᠢᠯ ᠢᠶᠠᠷ  ᠪᠦᠷᠢᠯᠳᠦᠵᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠪᠡ᠃            ᠭᠠᠳᠠᠭᠠᠳᠤ ᠳᠤ ᠪᠠᠶᠢᠭ᠎ᠠ ᠠᠷᠠᠳ ᠢᠷᠭᠡᠨ ᠤ ᠦᠨᠳᠦᠰᠦᠨ ᠡᠷᠬᠡ ᠠᠰᠢᠭ ᠢ ᠬᠠᠮᠠᠭᠠᠯᠠᠬᠤ ᠲᠤᠰᠬᠠᠶ ᠬᠠᠤᠯᠢ ᠲᠣᠭᠲᠠᠭᠠᠯᠲᠠ︕   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠲᠦᠷᠢᠮ︾ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠤᠨ᠎ᠡ᠂ ᠡᠨᠡ ᠪᠣᠯ ᠮᠠᠨ ‍ᠤ‌ᠤᠯᠤᠰ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭ᠎ᠠ ᠵᠢᠴᠢ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠠ ᠪᠠᠶᠢᠭᠤᠯᠤᠮᠵᠢ ᠶᠢᠨ ᠠᠮᠤᠷ ᠲᠦᠪᠰᠢᠨ ᠳᠤ ᠴᠢᠭᠯᠡᠭᠦᠯᠦᠭᠰᠡᠨ ᠠᠩᠬᠠᠳᠠᠭᠴᠢ ᠲᠤᠰᠬᠠᠶ ᠬᠠᠤᠯᠢ ᠲᠣᠭᠲᠠᠭᠠᠯᠲᠠ ᠪᠣᠯᠤᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ