ᠭᠠᠴᠠᠭ᠎ᠠ ᠲᠤᠰᠬᠤᠨ ᠤ ᠳᠠᠭᠤᠤ ᠶᠢᠨ ᠤᠷᠤᠯᠳᠤᠭᠠᠨ ᠥᠨᠳᠤᠰᠤᠨ ᠱᠠᠲᠤᠨ ᠤ ᠠᠮᠢᠵᠢᠷᠠᠯ ᠤᠨ ᠮᠦᠷᠦᠶᠢᠴᠡᠬᠡᠨ
ᠨᠡᠶᠢᠲᠡᠯᠡᠭᠰᠡᠨ ᠴᠠᠭ᠄
2023/9/11
    ᠤᠳᠤᠭ ᠤᠨ ᠡᠮᠤᠨᠡᠳᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠤᠰᠤ ᠨᠤᠲᠤᠭ ᠢᠶᠠᠨ ᠬᠠᠶᠢᠷᠠᠯᠠᠵᠤ᠂ ᠤᠶᠠᠩᠭ᠎ᠠ ᠳᠠᠭᠤᠤ ᠪᠠᠨ ᠬᠠᠩᠭᠢᠨᠠᠭᠤᠯᠤᠶ᠎ᠠ︾ — ᠭᠠᠴᠠᠭ᠎ᠠ ᠲᠣᠰᠬᠤᠨ ᠤ ᠳᠠᠭᠤᠤ ᠶᠢᠨ ᠤᠷᠤᠯᠳᠤᠭᠠᠨ ᠤᠷᠴᠢᠮᠬᠠᠨ ᠠᠮᠵᠢᠯᠲᠠᠲᠠᠢ ᠶᠠᠪᠤᠭᠳᠠᠯ᠎ᠠ᠃ ᠤᠷᠤᠯᠳᠤᠭᠠᠨ ᠢ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠲᠤᠭ ᠤᠨ ᠡᠮᠦᠨᠡᠲᠦ ᠬᠤᠰᠢᠭᠤᠨ ᠤ ᠭᠠᠴᠠᠭ᠎ᠠ ᠲᠤᠰᠬᠤᠨ ᠢ ᠳᠠᠭᠠᠭᠠᠴᠢᠯᠠᠨ ᠬᠠᠷᠢᠯᠴᠠᠵᠤ ᠪᠠᠶᠢᠭ᠎ᠠ ᠪᠠᠶᠢᠭᠤᠯᠭ᠎ᠠ ᠨᠢᠭᠡᠴᠢ᠂ ᠣᠳᠬ᠎ᠠ ᠤᠷᠠᠯᠢᠭ ᠤᠨ ᠬᠢᠨ ᠤ ᠬᠤᠯᠪᠣᠬ᠋᠎ᠠ᠂ ᠰᠣᠶᠣᠯ ᠪᠠ ᠵᠤᠭᠠᠴᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ ᠠᠴᠠ ᠭᠤᠣᠯᠯᠠᠨ ᠡᠷᠬᠢᠯᠡᠵᠦ᠂ ᠪᠦᠸᠧ ᠬᠠᠢ ᠬᠤᠳᠳᠤᠭ ᠥᠷᠥᠮᠳᠡᠬᠦ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠤᠪᠢᠶᠠᠷᠢ ᠺᠣᠮᠫᠠᠨᠢ᠂ ᠰᠣᠶᠣᠯ ᠤᠨ ᠣᠷᠳᠣᠨ᠂ ᠣᠲᠤᠭ ᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠬᠡᠮᠯᠢᠭ ᠠᠴᠠ ᠬᠠᠪᠰᠤᠷᠤᠨ ᠡᠷᠬᠢᠯᠡᠪᠡ᠃    ᠤᠷᠤᠯᠳᠤᠭᠠᠨ ᠳᠤ᠂ ᠪᠦᠬᠦ ᠬᠤᠰᠢᠭᠤᠨ ᠤ ᠳᠥᠷᠪᠡᠨ ᠪᠠᠯᠭᠠᠰᠤ ᠶᠢᠨ 16  ᠲᠦᠯᠦᠬᠡᠯᠡᠭᠴᠢᠳ ᠤᠨ ᠠᠩᠭᠢ ᠶᠢᠨ ᠳᠠᠭᠤᠴᠢᠳ ᠦᠪᠡᠷᠮᠢᠴᠡ ᠤᠨᠴᠠᠯᠢᠭ ᠲᠠᠢ᠂ ᠦᠪᠡᠷ ᠦᠪᠡᠷ ᠤᠨ ᠵᠤᠬᠢᠶᠠᠨ ᠪᠦᠲᠦᠭᠡᠭᠰᠡᠨ ᠭᠠᠴᠠᠭ᠎ᠠ ᠲᠣᠰᠬᠤᠨ ᠤ ᠳᠠᠭᠤᠤ ᠪᠠᠨ ᠬᠠᠩᠭᠢᠨᠠᠲᠠᠯ᠎ᠠ ᠳᠠᠭᠤᠯᠠᠵᠠᠭᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠭᠢᠯᠭᠡ ᠪᠠᠨ ᠢᠯᠡᠷᠡᠭᠦᠯᠵᠡᠭᠡᠪᠡ᠃ ᠠᠳᠠᠯᠢᠳᠬᠠᠨ ᠰᠢᠯᠠᠭᠠᠷᠠᠭᠤᠯᠤᠯᠲᠠ ᠪᠠᠷ ᠳᠠᠮᠵᠢᠨ ᠪᠠᠶᠠᠨᠰᠢᠪᠠᠷ ᠭᠠᠴᠠᠭ᠎ᠠ ᠶᠢᠨ ︽ᠦᠵᠡᠰᠭᠦᠯᠡᠩᠲᠦ ᠰᠠᠶᠢᠬᠠᠨ ᠪᠠᠶᠠᠨᠰᠢᠪᠡᠷ᠂ ᠪᠢ ᠴᠢᠮ᠎ᠠ ᠳᠤ ᠪᠠᠨ ᠬᠠᠶᠢᠷᠠᠲᠠᠢ︾ ᠭᠡᠬᠦ ᠳᠠᠭᠤᠤ ᠨᠢ ᠲᠤᠰ ᠤᠳᠠᠭᠠᠨ ᠤ ᠤᠷᠤᠯᠳᠤᠭᠠᠨ ᠤ ᠮᠠᠩᠯᠠᠢ ᠱᠠᠩ ᠢ ᠳᠤᠰᠤᠭᠰᠠᠨ ᠪᠠᠶᠢᠨ᠎ᠠ᠃    ᠠᠵᠢᠯᠯᠠᠭ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠷᠠᠳ ᠲᠦᠮᠡᠨ ᠤ ᠣᠶᠤᠨ ᠤ ᠬᠦᠴᠦᠨ ᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠪᠦᠬᠦ ᠨᠡᠶᠢᠭᠡᠮ ᠢᠶᠠᠷ ᠢᠶᠠᠨ ᠰᠣᠶᠣᠯ ᠢᠶᠠᠷ ᠨᠤᠲᠤᠭ ᠤᠰᠤ ᠪᠠᠨ ᠮᠠᠨᠳᠤᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠤᠯᠭᠠᠭᠰᠠᠨ ᠪᠠᠶᠢᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ