ᠬᠡᠦᠬᠡᠳ ᠤᠨ ᠴᠡᠴᠡᠷᠯᠢᠭ ᠲᠤ ᠪᠠᠭ᠎ᠠ ᠰᠤᠷᠭᠠᠭᠤᠯᠢ ᠶᠢᠨ ᠱᠠᠳᠤᠨ ᠤ ᠰᠤᠷᠬᠤ ᠠᠭᠤᠯᠭ᠎ᠠ ᠶᠢ ᠵᠢᠭᠠᠬᠤ ᠶᠢ ᠬᠤᠷᠢᠬᠯᠠᠨ᠎ᠠ
ᠨᠡᠶᠢᠲᠡᠯᠡᠭᠰᠡᠨ ᠴᠠᠭ᠄
2023/9/18
    ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠠᠤᠯᠢ ᠶᠢᠨ ᠲᠦᠰᠦᠯ ᠢ 8 ᠰᠠᠷ᠎ᠠ ᠶᠢᠨ 28 ᠤ ᠡᠳᠦᠷ ᠠᠷᠪᠠᠨ ᠲᠦᠷᠪᠡᠳᠦᠬᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠠᠪᠤᠳᠤᠭᠠᠷ ᠬᠤᠷᠠᠯ ᠢᠶᠠᠷ ᠠᠩᠬ᠎ᠠ ᠤᠳᠠᠭ᠎ᠠ ᠬᠢᠨᠠᠨ ᠵᠦᠪᠯᠡᠪᠡ᠃ ᠲᠦᠰᠦᠯ ᠳᠤ ᠨᠠᠶᠢᠳᠠ ᠨᠠᠢᠮᠠᠨ ᠪᠦᠯᠦᠭ 74 ᠵᠦᠢᠯ ᠪᠤᠢ᠂ ᠡᠬᠦᠨ ᠳᠤ ᠶᠡᠷᠦᠩᠭᠡᠢ ᠲᠦᠷᠢᠮ᠂ ᠲᠦᠯᠦᠪᠵᠢᠬᠦᠯᠬᠦ ᠪᠠ ᠡᠷᠬᠢᠯᠡᠬᠦ᠂ ᠠᠰᠠᠷᠠᠨ ᠬᠦᠮᠦᠵᠢᠬᠦᠯᠬᠦ ᠪᠠ ᠰᠤᠷᠭᠠᠨ ᠬᠦᠮᠦᠵᠢᠬᠦᠯᠬᠦ᠂ ᠪᠠᠭᠰᠢ ᠪᠠ ᠪᠤᠰᠤᠳ ᠠᠵᠢᠯᠳᠠᠨ᠂ ᠤᠷᠤᠭᠤᠯᠤᠯᠳᠠ ᠪᠠ ᠪᠠᠳᠤᠯᠠᠭ᠎ᠠ᠂ ᠬᠠᠮᠢᠶᠠᠷᠤᠯᠳᠠ ᠪᠠ ᠬᠢᠨᠠᠯᠳᠠ᠂ ᠬᠠᠤᠯᠢ ᠶᠢᠨ ᠬᠠᠷᠢᠭᠤᠴᠠᠯᠭ᠎ᠠ ᠪᠠ ᠲᠠᠭᠠᠯᠳᠤᠭᠤᠯᠤᠭᠰᠠᠨ ᠲᠦᠷᠢᠮ ᠪᠠᠭᠳᠠᠨ᠎ᠠ᠃    ᠲᠦᠰᠦᠯ ᠳᠤ ᠭᠤᠤᠯᠳᠠᠭᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠷᠢ ᠲᠤᠭᠳᠠᠭᠠᠯᠳᠠ ᠶᠢ ᠲᠤᠲᠤᠷᠬᠠᠶᠢᠯᠠᠵᠤ ᠰᠤᠷᠭᠠᠨ ᠬᠦᠮᠦᠵᠢᠯ ᠤᠨ ᠲᠤᠳᠠᠭᠤᠳᠠᠯ ᠢ ᠨᠦᠬᠦᠪᠦᠷᠢᠯᠡᠬᠦ᠂ ᠲᠦᠯᠦᠪᠵᠢᠬᠦᠯᠦᠨ ᠡᠷᠬᠢᠯᠡᠬᠦ ᠲᠤᠭᠳᠠᠴᠠ ᠶᠢ ᠲᠡᠬᠦᠯᠳᠡᠷᠵᠢᠬᠦᠯᠵᠦ ᠡᠬᠢ ᠪᠠᠶᠠᠯᠢᠭ ᠤᠨ ᠬᠠᠨᠭ᠍ᠭᠠᠯᠭ᠎ᠠ ᠶᠢ ᠠᠬᠢᠭᠤᠯᠬᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠡᠷᠡᠭᠵᠢᠬᠦᠯᠦᠯᠳᠡ ᠶᠢ ᠵᠢᠷᠤᠮᠵᠢᠭᠤᠯᠵᠤ ᠠᠰᠠᠷᠠᠨ ᠬᠦᠮᠦᠵᠢᠬᠦᠯᠬᠦ ᠶᠠᠰᠤ ᠴᠢᠨᠠᠷ ᠢ ᠲᠡᠭᠡᠭᠰᠢᠯᠡᠬᠦᠯᠬᠦ᠂ ᠪᠠᠭᠰᠢ ᠠᠵᠢᠯᠳᠠᠨ ᠤ ᠡ᠊ᠡᠭᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ ᠪᠠᠭᠰᠢ ᠶᠢᠨ ᠬᠡᠪ ᠴᠢᠨᠠᠷ ᠢ ᠲᠡᠭᠡᠭᠰᠢᠯᠡᠬᠦᠯᠬᠦ᠂ ᠤᠷᠤᠭᠤᠯᠤᠯᠳᠠ ᠶᠢᠨ ᠲᠤᠭᠳᠠᠴᠠ ᠶᠢ ᠲᠡᠬᠦᠯᠳᠡᠷᠵᠢᠬᠦᠯᠵᠦ ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠬᠤ᠂ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠵᠦ ᠬᠢᠨᠠᠯᠳᠠ ᠬᠠᠮᠢᠶᠡᠷᠤᠯᠳᠠ ᠶᠢ ᠴᠢᠩᠭᠠᠳᠬᠠᠬᠤ ᠵᠡᠷᠬᠡ ᠵᠢᠷᠭᠤᠭᠠᠨ ᠲᠠᠯ᠎ᠠ ᠪᠠᠷ ᠲᠤᠭᠳᠠᠭᠠᠯ ᠭᠠᠷᠭᠠᠪᠠ᠃    ᠲᠦᠰᠦᠯ ᠳᠤ ᠲᠤᠲᠤᠷᠬᠠᠢ ᠲᠤᠭᠳᠠᠭᠠᠭᠰᠠᠨ ᠢᠶᠠᠷ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠬᠦᠯᠬᠦ ᠳᠤ ᠵᠠᠰᠠᠭ ᠤᠨ ᠤᠷᠳᠤᠨ ᠭᠤᠤᠯᠯᠠᠨ ᠤᠳᠤᠷᠢᠳᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠠᠴᠠ ᠡᠷᠬᠢᠯᠡᠬᠦ ᠪᠠᠷ ᠭᠤᠤᠯ ᠪᠤᠯᠭᠠᠵᠤ᠂ ᠲᠦᠬᠡᠮᠡᠯ ᠬᠠᠷᠠᠭᠠᠯᠵᠠᠯ ᠤᠨ ᠴᠢᠨᠠᠷᠳᠠᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠶᠡᠭᠡ ᠪᠠᠷ ᠬᠦᠭᠵᠢᠬᠦᠯᠵᠦ᠂ ᠨᠡᠶᠢᠬᠡᠮ ᠤᠨ ᠬᠦᠴᠦᠨ ᠤ ᠤᠷᠤᠯᠴᠠᠬᠤ ᠶᠢ ᠬᠦᠳᠦᠯᠦᠨ ᠵᠢᠯᠤᠭᠤᠳᠬᠤ ᠪᠠ ᠵᠢᠷᠤᠮᠵᠢᠭᠤᠯᠤᠨ᠎ᠠ᠃ ᠬᠡᠦᠬᠡᠳ ᠤᠨ ᠴᠡᠴᠡᠷᠯᠢᠭ ᠤᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠡᠶ᠎ᠡ ᠰᠡᠳᠬᠢᠴᠡ ᠶᠢᠨ ᠬᠦᠭᠵᠢᠯᠳᠡ ᠶᠢᠨ ᠵᠢᠮ᠎ᠠ ᠶᠤᠰᠤ ᠪᠠ ᠨᠠᠰᠤ ᠵᠢᠯ ᠤᠨ ᠤᠨᠴᠠᠯᠢᠭ ᠢ ᠦᠨᠳᠦᠰᠦᠯᠡᠨ᠂ ᠠᠰᠠᠷᠠᠨ ᠬᠦᠮᠦᠵᠢᠬᠦᠯᠬᠦ ᠪᠠ ᠰᠤᠷᠭᠠᠨ ᠬᠦᠮᠦᠵᠢᠬᠦᠯᠬᠦ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠬᠦᠯᠬᠦ ᠬᠡᠷᠡᠭᠳᠡᠢ᠂ ᠪᠠᠭ᠎ᠠ ᠰᠤᠷᠭᠠᠭᠤᠯᠢ ᠶᠢᠨ ᠱᠠᠳᠤᠨ ᠤ ᠬᠢᠴᠢᠶᠡᠯ ᠤᠨ ᠠᠭᠤᠯᠭ᠎ᠠ ᠶᠢ ᠵᠢᠭᠠᠨ ᠰᠤᠷᠭᠠᠵᠤ᠂ ᠪᠠᠭ᠎ᠠ ᠰᠤᠷᠭᠠᠭᠤᠯᠢᠴᠢᠯᠠᠭᠰᠠᠨ ᠰᠤᠷᠭᠠᠨ ᠬᠦᠮᠦᠵᠢᠯ ᠤᠨ ᠠᠷᠭ᠎ᠠ ᠮᠠᠶ᠋ᠢᠭ ᠢ ᠠᠪᠴᠤ ᠪᠤᠯᠬᠤ ᠦᠬᠡᠢ᠃ ᠬᠡᠦᠬᠡᠳ ᠤᠨ ᠴᠡᠴᠡᠷᠯᠢᠭ ᠤᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠳᠡᠢ᠃ ᠤᠯᠤᠰ ᠠᠴᠠ ᠬᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠭᠠᠭᠤᠯᠢ ᠳᠤ ᠤᠷᠤᠬᠤ ᠨᠠᠰᠤᠨ ᠤ ᠬᠡᠦᠬᠡᠳ ᠤᠨ ᠲᠦᠬᠡᠮᠡᠯ ᠬᠠᠷᠠᠭᠠᠯᠵᠠᠯ ᠤᠨ ᠴᠢᠨᠠᠷᠳᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠬᠦᠷᠳᠡᠬᠦ ᠳᠤ ᠲᠤᠰᠠᠯᠠᠮᠵᠢ ᠬᠠᠨᠭ᠍ᠭᠠᠨ᠎ᠠ᠃ 
ᠢᠷᠡᠯᠲᠡ᠄ ᠣᠷᠳᠣᠰ ᠤᠨ ᠡᠳᠦᠷ ᠦᠨ ᠰᠣᠨᠢᠨ