ᠬᠠᠨᠭ᠍ᠭᠢᠨ ᠬᠤᠰᠢᠭᠤ ᠡᠪᠡᠰᠦ ᠪᠡᠯᠴᠢᠭᠡᠷ ᠢ ᠰᠠᠶᠢᠵᠢᠷᠠᠭᠤᠯᠬᠤ ᠤᠷᠢᠳᠴᠢᠯᠠᠨ ᠲᠤᠬᠳᠠᠭᠠᠬᠰᠠᠨ ᠡᠭᠦᠷᠭᠡ ᠪᠠᠨ ᠲᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/9/18
    ᠰᠢᠨᠠᠪᠠᠯᠭᠠᠰᠤ ᠶᠢᠨ ᠮᠡᠳᠡᠭᠡ ᠡᠨᠡ ᠵᠢᠯ ᠠᠴᠠ ᠨᠠᠭᠠᠰᠢ᠂ ᠬᠠᠨᠭ᠍ᠭᠢᠨ ᠬᠤᠰᠢᠭᠤᠨ ᠤ ᠰᠢᠨᠠᠪᠠᠯᠭᠠᠰᠤ᠂ ᠶᠡᠭᠡᠨ᠋ᠤᠰᠤ ᠰᠤᠮᠤ᠂ ᠲᠠᠷᠢᠶᠠᠨᠭᠤᠤᠯ ᠵᠡᠷᠭᠡ ᠭᠠᠵᠠᠷ ᠤᠨ ᠬᠢᠨ ᠬᠤᠷ᠎ᠠ ᠲᠣᠨᠳᠠᠰᠤᠨ ᠤ ᠠᠰᠢᠭᠲᠠᠢ ᠴᠠᠭ ᠲᠣᠬᠢᠶᠠᠯ ᠢ ᠵᠠᠪᠳᠤᠨ᠂ ᠵᠢᠯ ᠤᠨ ᠡᠬᠢᠨ ᠳᠤ ᠲᠤᠬᠳᠠᠭᠠᠬᠰᠠᠨ 20 ᠲᠦᠮᠡᠨ ᠮᠥ ᠡᠪᠡᠰᠦ ᠪᠡᠯᠴᠢᠭᠡᠷ ᠢ ᠰᠠᠶᠢᠵᠢᠷᠠᠭᠤᠯᠬᠤ ᠲᠦᠷᠦᠯ ᠵᠦᠢᠯ ᠢ ᠡᠷᠴᠢᠮᠳᠠᠢ ᠦᠷᠨᠢᠭᠦᠯᠪᠡ᠃ ᠣᠲᠣᠬᠠᠨ ᠪᠣᠯᠲᠠᠯ᠎ᠠ᠂ ᠪᠥᠬᠦ ᠬᠤᠰᠢᠭᠤ ᠪᠠᠷ ᠢᠶᠠᠨ ᠡᠪᠡᠰᠦ ᠪᠡᠯᠴᠢᠭᠡᠷ ᠢ ᠰᠠᠶᠢᠵᠢᠷᠠᠭᠤᠯᠬᠤ ᠳᠤ 22 ᠲᠦᠮᠡᠨ ᠮᠦ ᠡᠪᠡᠰᠦ ᠲᠠᠷᠢᠵᠤ᠂ ᠲᠣᠭᠲᠠᠭᠰᠠᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ᠬᠠᠩᠭᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠤ ᠪᠢᠯᠧᠲ ᠥᠭᠴᠦ ᠲᠣᠭᠲᠠᠭᠰᠠᠨ ᠠᠷᠠᠳ ᠤᠨ ᠠᠮᠢᠳᠤᠷᠠᠯ ᠤᠨ 8 ᠪᠣᠳᠠᠲᠤ ᠶᠠᠪᠤᠳᠠᠯ ᠤᠨ ᠨᠢᠭᠡ ᠪᠣᠯᠤᠨ᠎ᠠ᠃ ᠡᠪᠡᠰᠦ ᠲᠠᠷᠢᠬᠤ ᠠᠵᠢᠯ ᠢ ᠬᠥᠷᠥᠰᠥ ᠰᠢᠷᠣᠶ ᠶᠢᠨ ᠴᠢᠭᠢᠭ ᠤᠨ ᠭᠡᠮᠵᠢᠶ᠎ᠠ ᠬᠠᠮᠤᠭ ᠤᠨ ᠰᠠᠶᠢᠨ ᠬᠤᠭᠤᠴᠠᠭᠠᠨ ᠳᠤ ᠪᠡᠶᠡᠯᠡᠭᠦᠯᠭᠦ ᠶᠢ ᠪᠠᠳᠤᠯᠠᠬᠤ ᠶᠢᠨ ᠲᠤᠰᠠᠳᠠ᠂ ᠬᠠᠩᠭᠢᠨ ᠬᠤᠰᠢᠭᠤᠨ ᠤ ᠣᠶ ᠰᠢᠭᠤᠶ ᠪᠠ ᠨᠤᠳᠤᠭ ᠪᠡᠯᠴᠢᠭᠡᠷ ᠤᠨ ᠦᠢᠯᠡᠰ ᠤᠨ ᠭᠦᠭᠵᠢᠭᠦᠯᠤᠯᠳᠠ ᠶᠢᠨ ᠲᠦᠪ ᠣᠯᠠᠨ ᠲᠠᠯ᠎ᠠ ᠶᠢᠨ ᠮᠡᠷᠭᠡᠵᠢᠯᠳᠡᠨ ᠢ ᠲᠣᠮᠢᠯᠠᠵᠤ᠂ ᠪᠥᠬᠦ ᠬᠤᠰᠢᠭᠤᠨ ᠤ ᠡᠯ᠎ᠡ ᠭᠠᠵᠠᠷ ᠤᠳ ᠢᠶᠠᠷ ᠭᠦᠨᠵᠡᠭᠡᠶᠢᠷᠠᠨ᠂ ᠮᠠᠯᠴᠢᠨ ᠲᠠᠷᠢᠶᠠᠴᠢᠳ ᠢ ᠵᠢᠯᠣᠭᠤᠳᠤᠨ᠂ 2023 ᠣᠨ ᠤ ᠪᠠᠶᠢᠭᠠᠯᠢ ᠶᠢᠨ ᠡᠪᠡᠰᠦ ᠲᠠᠷᠢᠬᠤ ᠠᠵᠢᠯ ᠢ ᠪᠦᠭᠦ ᠲᠠᠯ᠎ᠠ ᠪᠠᠷ ᠠᠭᠢᠭᠤᠯᠤᠬᠰᠠᠨ ᠪᠠᠶᠢᠨ᠎ᠠ᠃ ᠬᠤᠷ᠎ᠠ ᠲᠤᠨᠳᠠᠰᠤ ᠶᠢ ᠦᠨᠳᠦᠷ ᠪᠦᠳᠦᠮᠵᠢᠳᠠᠢ ᠪᠠᠷ ᠠᠰᠢᠬᠯᠠᠬᠤ᠂ ᠭᠦᠮᠦᠨ ᠤ ᠭᠦᠴᠦ ᠪᠠᠷ ᠵᠤᠭᠢᠰᠳᠠᠢ ᠤᠰᠤᠯᠠᠬᠤ ᠪᠠᠷ ᠲᠠᠮᠵᠢᠭᠤᠯᠤᠨ ᠲᠠᠷᠢᠮᠠᠯ ᠤᠨ ᠰᠤᠶᠤᠭᠠᠯᠠᠬᠤ ᠨᠤᠷᠮ᠎ᠠ ᠪᠠ ᠤᠨᠳᠤᠷᠤᠯᠳᠠ ᠶᠢᠨ ᠨᠤᠷᠮ᠎ᠠ ᠶᠢ ᠢᠯᠡᠷᠭᠡᠢ ᠲᠡᠭᠡᠭᠰᠢᠯᠡᠭᠦᠯᠤᠭ᠍ᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠬᠠᠩᠭᠢᠨ ᠬᠤᠰᠢᠭᠤ ᠪᠠᠰᠠ ︽ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠳᠤᠨ ᠭᠤᠤᠯ ᠤᠨ ᠲᠤᠬᠤᠢ ᠶᠢᠨ ᠭᠦᠪᠴᠢ ᠶᠢᠨ ᠡᠯᠡᠰᠦ ᠶᠢᠨ ᠪᠦᠭᠦ ᠤᠷᠤᠨ ᠪᠦᠰᠡ ᠶᠢᠨ ᠵᠠᠰᠠᠯᠳᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠪᠤᠷᠤ ᠲᠦᠯᠤᠪ ᠤᠨ ᠵᠢᠯᠤᠭᠤᠳᠤᠯᠭ᠎ᠠ ᠲᠤᠤᠷ᠎ᠠ ᠲᠠᠴᠢᠷᠰᠢᠬᠰᠠᠨ᠂ ᠡᠯᠡᠰᠦᠷᠭᠡᠭᠵᠢᠭᠰᠡᠨ ᠨᠤᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠪᠦᠭᠦ ᠲᠠᠯ᠎ᠠ ᠪᠠᠷ ᠠᠭᠢᠭᠤᠯᠵᠤ᠂ ᠨᠠᠩ ᠯᠠᠪᠳᠠᠭᠤᠨ ᠪᠠᠳᠤᠳᠠᠢ᠂ ᠨᠠᠩ ᠦᠷᠬᠦᠯᠵᠢᠯᠡᠬᠦᠴᠡ ᠴᠢᠨᠠᠷᠳᠠᠢ ᠪᠠᠷ ᠵᠠᠰᠠᠭ ᠤᠨ ᠤᠷᠳᠤᠨ᠂ ᠠᠵᠤ ᠠᠬᠤᠶᠢᠯᠠᠯ᠂ ᠨᠡᠶᠢᠭᠡᠮ ᠤᠨ ᠡᠭᠢ ᠪᠠᠶᠠᠯᠢᠭ ᠢ ᠤᠯᠠᠨ ᠡᠰᠢᠵᠢᠬᠦᠯᠤᠨ ᠠᠰᠢᠬᠯᠠᠬᠤ ᠲᠤᠬᠳᠠᠴᠡ ᠳᠤ ᠲᠦᠰᠢᠭᠯᠡᠨ᠂ ᠨᠠᠩ ᠤᠯᠠᠨ ᠠᠵᠤ ᠠᠬᠤᠶᠢᠯᠠᠯ᠂ ᠬᠠᠮᠳᠤ ᠨᠠᠶᠢᠳᠠ᠂ ᠮᠠᠯᠴᠢᠨ ᠲᠠᠷᠢᠶᠠᠴᠢᠳ ᠢ ᠨᠤᠳᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠨ ᠵᠠᠰᠠᠯᠳᠠ ᠪᠦᠳᠦᠭᠡᠨ ᠪᠠᠶᠢᠭᠤᠯᠤᠯᠳᠠ ᠳᠤ ᠤᠷᠤᠯᠴᠠᠭᠤᠯᠵᠤ᠂ ᠪᠦᠭᠦ ᠬᠤᠰᠢᠭᠤᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠲᠤᠬᠳᠠᠪᠤᠷᠢᠳᠤ ᠴᠢᠨᠠᠷ᠂ ᠤᠯᠠᠨ ᠶᠠᠩᠵᠤᠳᠤ ᠴᠢᠨᠠᠷ ᠢ ᠴᠢᠷᠮᠠᠶᠢᠨ ᠲᠡᠭᠡᠭᠰᠢᠯᠡᠭᠦᠯᠭᠦ ᠪᠤᠯᠤᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ