ᠴᠢᠰᠤ ᠬᠠᠨᠳᠢᠪᠯᠠᠬᠤ ᠶᠢᠨ ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2023/9/18
     1. ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠦ ᠨᠣᠷᠮ᠎ᠠ ᠶᠢ ᠪᠠᠭᠠᠰᠬᠠᠨ᠎ᠠ᠃ ᠴᠢᠰᠤ ᠬᠠᠨᠳᠢᠪᠯᠠᠬᠤ ᠨᠢ ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠳᠡ ᠶᠢᠨ ᠬᠤᠷᠳᠤᠴᠠ ᠶᠢ ᠲᠦᠷᠭᠡᠳᠭᠡᠨ᠂ ᠴᠢᠰᠤᠨ ᠤ ᠬᠦᠴᠢᠯᠲᠥ᠋ᠷᠥᠭᠴᠢ ᠲᠠᠮᠵᠢᠭᠤᠯᠬᠤ ᠪᠠ ᠰᠢᠮ᠎ᠡ ᠲᠡᠵᠢᠭᠡᠯ ᠤᠨ ᠪᠣᠳᠠᠰ ᠢ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠦ ᠨᠤᠷᠮ᠎ᠠ ᠶᠢ ᠪᠠᠭᠠᠰᠬᠠᠨ᠎ᠠ᠃     2. ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠤᠨ᠎ᠡ᠃ ᠵᠣᠬᠢᠬᠤ ᠬᠡᠮᠵᠢᠶᠡᠨ ᠤ ᠴᠢᠰᠤ ᠬᠠᠨᠳᠢᠪᠯᠠᠬᠤ ᠨᠢ ᠴᠢᠰᠤᠨ ᠤ ᠡᠰ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠴᠢᠮᠥᠭᠡ ᠳᠤ ᠰᠡᠳᠡᠯᠳᠡ ᠥᠭᠴᠦ ᠴᠢᠰᠤ ᠪᠦᠲᠦᠭᠡᠨ᠂ ᠴᠢᠰᠤᠨ ᠤ ᠰᠢᠨ᠎ᠡ ᠤᠯᠠᠭᠠᠨ ᠡᠰ ᠢ ᠪᠣᠢ ᠪᠣᠯᠭᠠᠵᠤ᠂ ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠤᠨ᠎ᠡ᠃     3. ᠴᠢᠰᠤᠨ ᠳᠠᠬᠢ ᠲᠡᠮᠦᠷ ᠤᠨ ᠥᠳᠭᠡᠴᠡ ᠶᠢ ᠪᠠᠭᠤᠷᠠᠭᠤᠯᠤᠨ᠎ᠠ᠃ ᠵᠣᠬᠢᠬᠤ ᠬᠡᠮᠵᠢᠶᠡᠨ ᠤ ᠴᠢᠰᠤ ᠬᠠᠨᠳᠢᠪᠯᠠᠬᠤ ᠨᠢ ᠪᠡᠶ᠎ᠡ ᠶᠢᠨ ᠴᠢᠰᠤᠨ ᠳᠣᠲᠣᠷᠠᠬᠢ ᠲᠡᠮᠦᠷ ᠤᠨ ᠥᠳᠭᠡᠴᠡ ᠶᠢ ᠪᠠᠭᠤᠷᠠᠭᠤᠯᠬᠤ ᠶᠢᠨ ᠤᠯᠠᠮ ᠠᠴᠠ ᠲᠡᠮᠦᠷ ᠤᠨ ᠳᠣᠲᠣᠷ ᠡᠷᠬᠡᠲᠡᠨ ᠳᠤ ᠤᠴᠠᠷᠠᠭᠤᠯᠬᠤ ᠬᠤᠬᠢᠷᠠᠯ ᠢ ᠪᠠᠭᠠᠰᠬᠠᠨ᠎ᠠ᠃ ᠤᠴᠢᠷ ᠨᠢ ᠬᠡᠷᠪᠡ ᠣᠷᠭᠠᠨᠢᠭ ᠪᠡᠶ᠎ᠡ ᠶᠢᠨ ᠳᠣᠲᠣᠷᠠᠬᠢ ᠲᠡᠮᠦᠷ ᠤᠨ ᠥᠳᠭᠡᠴᠡ ᠨᠢ ᠬᠡᠲᠦᠷᠬᠡᠶ ᠶᠡᠭᠡ ᠪᠣᠯ ᠡᠯᠢᠭᠡ᠂ ᠵᠢᠷᠦᠬᠡ ᠵᠡᠷᠭᠡ ᠡᠷᠬᠡᠲᠡᠨ ᠳᠤ ᠬᠤᠷᠠᠵᠤ᠂ ᠡᠷᠬᠡᠲᠡᠨ ᠤ ᠳᠠᠷᠤᠭᠠᠰᠤ ᠶᠢ ᠬᠦᠨᠳᠦᠷᠡᠭᠦᠯᠵᠦ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠨᠦᠯᠦᠭᠡᠯᠡᠳᠡᠭ᠃     4. ᠰᠡᠳᠭᠢᠴᠡ ᠶᠢᠨ ᠡᠷᠡᠭᠦᠯ ᠮᠡᠨᠳᠦ ᠳᠤ ᠲᠤᠰᠠᠲᠠᠶ᠃ ᠴᠢᠰᠤ ᠬᠠᠨᠳᠢᠪᠯᠠᠬᠤ ᠨᠢ ᠮᠡᠳᠡᠷᠡᠯ — ᠪᠡᠶ᠎ᠡ ᠶᠢᠨ ᠰᠢᠩᠭᠡᠨ — ᠳᠣᠲᠣᠭᠠᠳᠤ ᠰᠢᠭᠦᠷᠡᠯ ᠤᠨ ᠰᠢᠰᠲ᠋ᠧᠮ ᠤᠨ ᠲᠣᠬᠢᠷᠠᠭᠤᠯᠤᠯᠲᠠ ᠳᠤ ᠲᠤᠰᠠᠲᠠᠶ᠂ ᠬᠥᠮᠦᠨ ᠤ ᠰᠡᠳᠭᠢᠴᠡ ᠶᠢᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠤᠯᠠᠮ ᠠᠴᠠ ᠰᠡᠳᠭᠢᠴᠡ ᠶᠢᠨ ᠡᠷᠡᠭᠦᠯ ᠮᠡᠨᠳᠦ ᠳᠤ ᠲᠤᠰᠠᠲᠠᠶ᠃
ᠢᠷᠡᠯᠲᠡ᠄ ᠣᠷᠳᠣᠰ ᠤᠨ ᠡᠳᠦᠷ ᠦᠨ ᠰᠣᠨᠢᠨ