ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ2023 ᠤᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠳ᠋ᠦᠩᠱᠧᠩ ᠲᠤᠭᠤᠷᠢᠭ ᠲᠤ ᠡᠬᠢᠯᠡᠯ᠎ᠡ
ᠨᠡᠶᠢᠲᠡᠯᠡᠭᠰᠡᠨ ᠴᠠᠭ᠄
2023/9/20
    9  ᠰᠠᠷ᠎ᠠ ᠶᠢᠨ19 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ 2023 ᠤᠨ ᠤ ︽ᠳᠤᠮᠳᠠᠳᠤ ᠤᠯᠤᠰ  ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠷᠳᠤᠰ ᠬᠤᠲᠠ  ᠶᠢᠨ ᠳ᠋ᠦᠩᠱᠧᠩ ᠲᠤᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠲᠤ ᠡᠬᠢᠯᠡᠪᠡ᠃
微信图片_20230920114154.jpg
    ᠲᠤᠰ ᠤᠳᠠᠭᠠᠨ ᠤ ᠡᠯᠪᠡᠭ ᠬᠤᠷᠢᠶᠠᠯᠳᠠ ᠶᠢᠨ ᠪᠠᠶᠠᠷ ᠢ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠳᠢᠩᠬᠢᠮ᠂ ᠤᠷᠳᠤᠰ ᠬᠤᠲᠠ  ᠶᠢᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠳ᠋ᠦᠩᠱᠧᠩ ᠲᠤᠭᠤᠷᠢᠭ  ᠤᠨ ᠠᠷᠠᠳ ᠤᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠵᠤ᠂ ︽ᠡᠯᠪᠡᠭ ᠬᠤᠷᠢᠶᠠᠯᠲᠠ ᠶᠢ ᠪᠠᠶᠠᠷᠯᠠᠨ ᠪᠡᠯᠭᠡᠯᠡᠵᠤ᠂ ᠡᠶᠡᠯᠰᠡᠭ ᠰᠠᠶᠢᠬᠠᠨ ᠢ ᠠᠬᠢᠭᠤᠯᠰᠤᠭᠠᠢ︾ ᠭᠡᠬᠦ ᠭᠤᠤᠯ ᠰᠡᠳᠦᠪ ᠢᠶᠠᠷ 2 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃
微信图片_20230920114136.jpg
    ᠡᠨᠡ ᠬᠤᠭᠤᠴᠠᠭᠠᠨ ᠳᠤ ᠪᠦᠬᠦ ᠤᠷᠤᠨ ᠤ ᠪᠤᠬᠢᠷᠳᠤᠯ ᠦᠭᠡᠢ ᠠᠮᠢ ᠠᠬᠤᠢ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠠᠨᠢᠯᠴᠠᠭᠤᠯᠭ᠎ᠠ ᠬᠢᠬᠦ᠂ 9.19 ᠡᠯᠧᠺᠲᠷᠤᠨ ᠬᠤᠳᠠᠯᠳᠤᠭᠠᠨ ᠤ ᠨᠠᠶᠢᠷ᠂ ᠤᠯᠠᠭᠠᠨᠮᠦ᠋ᠴᠢᠷ ᠤᠨ ᠲᠤᠭᠯᠠᠯᠲᠠ ᠶᠢᠨ ᠦᠵᠡᠭᠦᠯᠭᠡ ᠵᠡᠷᠭᠡ ᠰᠢᠷᠢᠰ ᠠᠵᠢᠯᠯᠠᠭ᠎ᠠ ᠶᠢ ᠶᠠᠪᠤᠭᠳᠠᠭᠤᠯᠬᠤ ᠶᠢᠨ ᠬᠠᠮᠲᠤ ᠪᠠᠰᠠ ︽ᠡᠯᠪᠡᠭ ᠬᠤᠷᠢᠶᠠᠯᠲᠠ ᠤᠯᠤᠭᠰᠠᠨ ᠰᠢᠯᠢᠳᠡᠭ ᠪᠦᠷᠦᠭᠡᠭᠳᠡᠭᠦᠨ︾ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ ᠤᠯᠠᠨ ᠰᠦᠯᠵᠢᠶᠠᠨ ᠤᠳᠤᠳ ᠢ ᠤᠷᠢᠵᠤ ᠪᠦᠬᠦ ᠤᠷᠤᠨ ᠤ12 ᠠᠶᠢᠮᠠᠭ ᠬᠤᠲᠠ ᠶᠢᠨ ᠣᠨᠴᠠᠯᠢᠭᠲᠤ ᠲᠠᠷᠢᠶᠠᠯᠠᠩ ᠮᠠᠯ  ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠤᠷᠤᠯᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠲᠤᠰᠠᠯᠠᠵᠤ ᠪᠠᠷᠠᠭ᠎ᠠ ᠬᠤᠳᠠᠯᠳᠤᠨ ᠠᠪᠬᠤ ᠶᠢ ᠳᠠᠶᠢᠴᠢᠯᠠᠵᠤ ᠰᠢᠭᠤᠳ ᠨᠡᠪᠲᠡᠷᠡᠭᠦᠯᠭᠡ ᠬᠢᠯᠭᠡᠬᠦ ᠪᠤᠯᠤᠨ᠎ᠠ᠃
微信图片_20230920114203.jpg
    ᠤᠶᠢᠯᠭᠠᠭᠰᠠᠨ ᠢᠶᠠᠷ᠂ ᠲᠤᠰ ᠤᠳᠠᠭᠠᠨ ᠤ ᠡᠯᠪᠡᠭ ᠬᠤᠷᠢᠶᠠᠯᠳᠠ ᠶᠢᠨ ᠪᠠᠶᠠᠷ ᠢᠶᠠᠷ ᠤᠷᠳᠤᠰ ᠬᠤᠲᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠤᠷᠤᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠵᠤ ᠪᠠᠶᠢᠭ᠎ᠠ ᠪᠦᠭᠡᠳ ᠪᠠᠰᠠ ᠴᠦ ᠪᠦᠬᠦ ᠤᠷᠤᠨ ᠤ12 ᠠᠶᠢᠮᠠᠭ ᠬᠤᠲᠠ ᠶᠢᠨ ᠬᠢᠨ ᠢ ᠤᠷᠢᠵᠤ ᠡᠯᠪᠡᠭ ᠬᠤᠷᠢᠶᠠᠯᠲᠠ ᠶᠢᠨ ᠪᠠᠶᠠᠷ ᠲᠤ ᠪᠦᠬᠦᠨ ᠢ ᠴᠤᠭᠯᠠᠷᠠᠭᠤᠯᠤᠭᠰᠠᠨ ᠠᠩᠬᠠᠳᠠᠭᠴᠢ ᠤᠳᠠᠭ᠎ᠠ ᠪᠤᠯᠤᠨ᠎ᠠ᠃
微信图片_20230920114207.jpg
微信图片_20230920114211.jpg
微信图片_20230920114214.jpg
微信图片_20230920114219.jpg
微信图片_20230920114158.jpg
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ