ᠣᠶᠢᠷ᠎ᠠ ᠳᠤ᠂ ᠵᠠᠷᠢᠮ ᠰᠦᠯᠵᠢᠶ᠎ᠠ ᠠᠰᠢᠬᠯᠠᠬᠴᠢᠳ ᠤᠨ ᠬᠡᠯᠡᠬᠦ ᠪᠠᠷ᠂ ᠪᠡᠭᠡᠵᠢᠩ ᠠᠴᠠ ᠱᠧᠨᠵᠧᠨ ᠬᠦᠷᠬᠦ D 927ᠬᠡᠪᠲᠡᠬᠦ ᠣᠷᠣ ᠲᠠᠢ ᠬᠤᠷᠳᠣᠨ ᠭᠠᠯᠳᠦ | ᠲᠡᠷᠬᠡᠨ ᠤ ᠪᠢᠯᠧᠲ ᠶᠡᠷᠦ ᠶᠢᠨ ᠴᠠᠭ ᠲᠤ 1150 ᠲᠥᠭᠦᠷᠢᠭ ᠪᠠᠶᠢᠭᠰᠠᠨ ᠪᠣᠯ 9 ᠳ᠋ᠦ᠋ᠭᠡᠷ ᠰᠠᠷ᠎ᠠ ᠶᠢᠨ 28 ᠤ ᠡᠳᠦᠷ ︵ᠤᠯᠤᠰ ᠤᠨ ᠪᠠᠶᠠᠷ ᠤᠨ | ᠠᠮᠠᠷᠠᠯᠲᠠ ᠶᠢᠨ ᠡᠮᠦᠨ᠎ᠡ ᠨᠢᠭᠡ ᠡᠳᠦᠷ︶ ᠤᠨ ᠦᠨ᠎ᠡ ᠨᠢ ᠥᠰᠦᠭᠡᠳ 1860 ᠲᠥᠭᠦᠷᠢᠭ ᠪᠣᠯᠵᠤ᠂ ᠳᠣᠣᠷ᠎ᠠ ᠣᠷᠣ ᠨᠢ 2090 ᠲᠥᠭᠦᠷᠢᠭ ᠭᠦᠷᠦᠭᠰᠡᠨ | ᠪᠠᠶᠢᠨ᠎ᠠ ᠭᠡᠵᠡᠢ᠃ | ᠡᠨᠡ ᠳᠣᠬᠠᠢ ᠰᠤᠷᠪᠤᠯᠵᠢᠯᠠᠭᠴᠢ 12306 ᠲᠠᠪᠴᠠᠩ ᠠᠴᠠ ᠯᠠᠪᠯᠠᠭᠰᠠᠨ ᠤ ᠳ᠋ᠦᠩ ᠳᠤ᠂ ᠦᠨ᠎ᠡ ᠬᠠᠩᠰᠢ ᠨᠢ ᠦᠨᠡᠬᠡᠷ ᠲᠣᠭᠲᠠᠪᠤᠷᠢ ᠦᠭᠡᠢ ᠪᠠᠶᠢᠨ᠎ᠠ᠄ | 9 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠨ᠎ᠡ ᠨᠢ 1290 ᠲᠥᠭᠦᠷᠢᠭ᠂ 9ᠰᠠᠷ᠎ᠠ ᠶᠢᠨ 23 ᠤ ᠡᠳᠦᠷ ᠠᠴᠠ 9 ᠰᠠᠷ᠎ᠠ ᠶᠢᠨ 25 ᠤ ᠡᠳᠦᠷ ᠪᠣᠯᠲᠠᠯ᠎ᠠ | 1150 ᠲᠥᠭᠦᠷᠢᠭ᠂ 9 ᠰᠠᠷ᠎ᠠ ᠶᠢᠨ 27 ᠤ ᠡᠳᠦᠷ ᠪᠣᠯᠲᠠᠯ᠎ᠠ 1430 ᠲᠥᠭᠦᠷᠢᠭ᠂ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ | 1860 ᠲᠥᠭᠦᠷᠢᠭ᠂10 ᠰᠠᠷ᠎ᠠ ᠶᠢᠨ 1 ᠤ ᠡᠳᠦᠷ 1290 ᠲᠥᠭᠦᠷᠢᠭ᠂ 10 ᠰᠠᠷ᠎ᠠ ᠶᠢᠨ 2 ᠤᠨ ᠡᠳᠦᠷ ᠳᠠᠬᠢᠭᠠᠳ 1150 ᠲᠥᠭᠦᠷᠢᠭ ᠪᠣᠯᠣᠨ | ᠪᠠᠭᠤᠷᠠᠵᠦ ᠪᠠᠶᠢᠭ᠎ᠠ ᠶᠢ ᠣᠯᠵᠦ ᠮᠡᠳᠡᠵᠠᠢ᠃ | 12306 ᠠᠶᠠᠨᠴᠢᠳ ᠤᠨ ᠦᠢᠯᠡᠴᠢᠯᠡᠭᠡᠨ ᠤ ᠬᠢᠨ ᠢᠯᠡᠷᠬᠡᠶᠢᠯᠡᠬᠦ ᠳᠡᠭᠡᠨ᠂ ᠨᠡᠶᠢᠲᠡᠯᠡᠭᠰᠡᠨ ᠪᠢᠯᠧᠲ ᠤᠨ ᠦᠨ᠎ᠡ ᠶᠢ ᠪᠦᠷ ᠲᠡᠮᠦᠷ ᠵᠠᠮ ᠤᠨ | 12306APP ᠳᠤ ᠵᠠᠷᠯᠠᠨ ᠨᠡᠶᠢᠲᠡᠯᠡᠨ᠎ᠡ᠂ ᠪᠢᠯᠧᠲ ᠤᠨ ᠦᠨ᠎ᠡ ᠶᠢ ᠭᠠᠯᠳᠦ ᠲᠡᠷᠬᠡᠨ ᠤ ᠪᠢᠯᠧᠲ ᠢ ᠰᠢᠯᠭᠠᠨ ᠯᠠᠪᠯᠠᠬᠤ ᠲᠠᠪᠴᠠᠩ ᠳᠤ ᠴᠥᠮ ᠵᠠᠷᠯᠠᠨ | ᠨᠡᠶᠢᠲᠡᠯᠡᠨ᠎ᠡ ᠭᠡᠵᠡᠢ᠃ |