ᠤᠳᠤᠭ ᠬᠤᠰᠢᠭᠤᠨ ᠤ ᠦᠮᠡᠭᠡᠶᠢᠨᠠᠭᠤᠷ ᠪᠠᠯᠭᠠᠰᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠤ᠂ | ᠰᠦᠯᠵᠢᠶᠡᠨ ᠤ ᠠᠮᠤᠷ ᠲᠦᠪᠰᠢᠨ ᠤ ᠭᠤᠣᠯ ᠰᠡᠳᠦᠪᠲᠦ ᠲᠠᠶᠢᠯᠤᠮᠵᠢ᠂ ᠲᠤᠰᠬᠠᠶ ᠰᠡᠳᠦᠪᠲᠦ ᠪᠣᠯᠪᠠᠰᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠠᠨ ᠲᠦᠮᠠᠨ ᠳᠤ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠤᠯᠤᠨ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ | ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠪᠯᠡᠷᠡᠬᠦᠯᠦᠨ ᠲᠠᠶᠢᠯᠪᠤᠷᠢᠯᠠᠵᠤ᠂ ᠰᠦᠯᠵᠢᠶᠡᠨ ᠤ | ᠶᠠᠯᠠᠲᠤ ᠠᠵᠢᠯᠯᠠᠭ᠎ᠠ᠂ ᠴᠠᠬᠢᠯᠭᠠᠨ ᠬᠤᠯᠪᠣᠭᠠᠨ ᠤ ᠮᠡᠬᠡᠯᠡᠯ᠂ ᠰᠦᠯᠵᠢᠶᠡᠨ ᠤ ᠴᠤᠤᠷᠬᠠᠯ ᠵᠡᠷᠭᠡ ᠪᠠᠶᠢᠩᠭᠤ ᠲᠣᠬᠢᠶᠠᠯᠳᠤᠳᠠᠭ ᠰᠦᠯᠵᠢᠶᠡᠨ ᠤ ᠠᠮᠤᠷ ᠲᠦᠪᠰᠢᠨ ᠤ | ᠠᠶᠤᠯ ᠲᠦᠭᠰᠢᠭᠦᠷᠢ ᠶᠢᠨ ᠮᠡᠳᠡᠯᠭᠡ ᠶᠢ ᠲᠦᠭᠡᠮᠡᠯᠵᠢᠭᠦᠯᠵᠤ᠂ ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠪᠡ᠃ | ᠤᠬᠠᠭᠤᠯᠭ᠎ᠠ ᠲᠤᠮᠳᠡ᠂ ᠦᠮᠡᠭᠡᠶᠢᠨᠠᠭᠤᠷ ᠪᠠᠯᠭᠠᠰᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠳᠠᠨ ᠢ ᠵᠣᠬᠢᠶᠠᠨ | ᠪᠠᠶᠢᠭᠤᠯᠤᠨ᠂ 109 ᠤᠯᠤᠰ ᠤᠨ ᠵᠠᠮ ᠤᠨ ᠬᠤᠶᠠᠷ ᠬᠠᠵᠠᠭᠤ ᠶᠢᠨ ᠲᠡᠯᠭᠡᠭᠦᠷ᠂ ᠪᠠᠯᠭᠠᠰᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ | ᠣᠴᠢᠭᠤᠯᠵᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠰᠦᠯᠵᠢᠶᠡᠨ ᠤ ᠠᠮᠤᠷ ᠲᠦᠪᠰᠢᠨ ᠤ ᠳᠠᠯᠳᠠ ᠭᠡᠮ᠂ ᠰᠦᠯᠵᠢᠶᠡᠨ ᠤ ᠶᠣᠰᠣ ᠰᠤᠷᠲᠠᠬᠤᠨ ᠤ ᠵᠢᠷᠤᠮᠵᠢᠯ᠂ | ᠪᠣᠯᠪᠠᠰᠤᠨ ᠢᠶᠠᠷ ᠬᠠᠤᠯᠢ ᠶᠢ ᠰᠠᠬᠢᠵᠤ ᠰᠦᠯᠵᠢᠶᠡᠨ ᠳᠤ ᠭᠠᠷᠬᠤ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠠᠨ | ᠲᠦᠮᠡᠨ ᠤ ᠳᠤᠷᠠᠳᠤᠭᠰᠠᠨ ᠠᠰᠠᠭᠤᠯᠳᠠ ᠳᠤ ᠬᠠᠷᠢᠭᠤᠯᠳᠠ ᠭᠢᠪᠡ᠃ ᠡᠭᠦᠨ ᠤ ᠬᠠᠮᠲᠤ ᠵᠢᠷᠭᠢᠶ᠎ᠠ᠂ ᠡᠯᠧᠺᠲᠷᠣᠨ ᠳᠡᠯᠭᠡᠴᠡ ᠵᠡᠷᠭᠡ ᠲᠠᠪᠴᠠᠩ ᠤᠨ ᠳᠠᠪᠠᠭᠤᠯᠢᠭ ᠢ | ᠭᠦᠢᠴᠡᠳ ᠠᠰᠢᠭᠯᠠᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ︽ | ᠰᠦᠯᠵᠢᠶᠡᠨ ᠤ ᠠᠮᠤᠷ ᠲᠦᠪᠰᠢᠨ ᠤ ᠮᠡᠳᠡᠯᠭᠡ︾ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠭᠤᠯᠤᠨ᠂ ᠰᠦᠯᠵᠢᠶᠡᠨ ᠤ ᠠᠮᠤᠷ | ᠲᠦᠪᠰᠢᠨ ᠤ ᠤᠬᠠᠮᠰᠠᠷ ᠢ ᠬᠥᠮᠦᠰ ᠤᠨ ᠰᠡᠳᠭᠢᠯ ᠳᠤ ᠬᠠᠳᠠᠩᠰᠢᠭᠤᠯᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ | ᠪᠦᠬᠦᠨ ᠬᠠᠮᠲᠤ ᠪᠠᠷ ᠡᠳ᠋ᠯᠡᠬᠦ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃ |