ᠭᠢᠶ᠎ᠠ ᠪᠠᠭᠰᠢ ᠲᠤᠭᠤᠷᠢᠭ ᠤᠯᠤᠰ ᠤᠨ ᠨᠡᠶᠢᠳᠡᠮ ᠭᠡᠷᠡᠭᠯᠡᠭᠦ ᠦᠭᠡ ᠭᠡᠯᠡ ᠦᠰᠦᠭ ᠪᠢᠴᠢᠭ ᠤᠨ ᠪᠤᠯᠪᠠᠰᠤᠷᠡᠯ ᠤᠨ ᠭᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2023/9/27
     ᠤᠶᠢᠷ᠎ᠠ ᠶᠢᠨ ᠡᠳᠦᠷ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠨᠡᠶᠢᠲᠡᠯᠢᠭ ᠬᠡᠯᠡ ᠶᠢ ᠦᠨᠳᠦᠰᠦᠨ ᠳᠡᠭᠡᠨ ᠲᠦᠭᠡᠮᠡᠯᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ  ᠲᠦᠯᠦᠬᠡ᠂ ᠬᠢᠶ᠎ᠠ ᠪᠠᠭᠰᠢ ᠲᠣᠭᠤᠷᠢᠭ ᠤᠨ ᠡᠯ᠎ᠡ ᠰᠤᠷᠭᠠᠭᠤᠯᠢ ᠬᠢᠴᠢᠶᠡᠯᠯᠡᠭᠡ ᠶᠢᠨ ᠲᠤᠭᠢᠷᠠᠭᠤᠯᠤᠯᠳᠡ ᠪᠠᠨ ᠰᠢᠯᠢᠳᠡᠭᠵᠢᠭᠦᠯᠵᠦ᠂ ᠦᠭᠡ ᠬᠡᠯᠡ ᠥᠰᠥᠭ ᠪᠢᠴᠢᠭ ᠤᠨ ᠠᠵᠢᠯ ᠢ ᠬᠡᠯᠡ ᠪᠢᠴᠢᠭ ᠤᠨ ᠰᠢᠨᠵᠢᠯᠡᠭᠡᠨ ᠤ ᠡᠯ᠎ᠡ ᠵᠦᠶ᠋ᠯ ᠤᠨ ᠬᠢᠴᠢᠶᠡᠯ ᠤᠨ ᠬᠡᠯᠪᠡᠷᠢ ᠳᠤ ᠠᠭᠤᠰᠬᠠᠨ ᠣᠷᠣᠭᠤᠯᠵᠤ᠂ ᠬᠤᠯᠪᠤᠭᠳᠠᠯ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠰᠤᠷᠭᠠᠭᠤᠯᠢ ᠳᠤ ᠣᠴᠢᠭᠤᠯᠤᠨ ᠪᠣᠯᠪᠠᠰᠤᠷᠠᠯ ᠬᠢᠯᠭᠡᠪᠡ᠃     ᠬᠢᠶ᠎ᠠ ᠪᠠᠭᠰᠢ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠣᠯᠪᠠᠰᠤᠷᠠᠯ ᠤᠨ ᠠᠬᠤᠶ ᠲᠠᠯᠠᠪᠠᠶ ᠳᠤ᠂ ᠲᠤᠰᠬᠠᠶ ᠮᠡᠷᠭᠡᠵᠢᠯᠲᠡᠳ ᠤᠷᠢᠳ ᠬᠤᠵᠢᠳ ᠰᠢᠨᠵᠢᠯᠡᠬᠦ ᠤᠬᠠᠭᠠᠨᠴᠢ ᠪᠠᠷ ᠳᠠᠭᠤ ᠭᠠᠷᠭᠠᠬᠤ᠂ ᠠᠪᠢᠶ᠎ᠠ ᠶᠢ ᠳᠡᠭᠡᠭᠰᠢᠯᠡᠭᠦᠯᠬᠦ᠂ ᠤᠷᠠᠨ ᠤᠩᠰᠢᠯᠭ᠎ᠠ ᠶᠢᠨ ᠤᠷ᠎ᠠ ᠮᠡᠷᠭᠡᠵᠢᠯ᠂ ᠪᠠᠭᠰᠢ ᠶᠢᠨ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠤᠩᠰᠢᠯᠭ᠎ᠠ ᠶᠢᠨ ᠵᠢᠭᠠᠨ ᠰᠤᠷᠭᠠᠯᠲᠠ ᠶᠢᠨ ᠠᠷᠭ᠎ᠠ ᠪᠣᠳᠣᠯᠭ᠎ᠠ ᠪᠠᠷ ᠰᠡᠳᠦᠪ ᠪᠣᠯᠭᠠᠵᠤ᠂ ᠲᠤᠬᠠᠶ ᠶᠢᠨ ᠲᠠᠯᠠᠪᠠᠢ ᠳᠤ ᠪᠣᠯᠪᠠᠰᠤᠷᠠᠯ ᠤᠨ ᠠᠩᠭᠢ ᠶᠢᠨ ᠭᠡᠰᠢᠭᠦᠳ ᠲᠤ ᠲᠤᠷᠰᠢᠯᠭ᠎ᠠ ᠤᠯᠠᠮᠵᠢᠯᠠᠵᠤ᠂ ᠪᠠᠭᠰᠢ ᠨᠠᠷ ᠲᠤ ᠤᠩᠰᠢᠯᠭ᠎ᠠ ᠶᠢᠨ ᠲᠤᠬᠠᠶ ᠮᠡᠳᠡᠯᠭᠡ ᠪᠠ ᠤᠷ᠎ᠠ ᠮᠡᠷᠭᠡᠵᠢᠯ ᠢ ᠰᠤᠷᠭᠠᠬᠤ ᠶᠢᠨ ᠬᠠᠮᠲᠤ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠤᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠬᠢᠴᠢᠶᠡᠯ ᠰᠣᠨᠣᠰᠬᠤ ᠶᠠᠪᠤᠴᠠ ᠳᠤ ᠲᠠᠷᠢᠬᠢ ᠲᠣᠯᠣᠭᠠᠶ ᠪᠠᠨ ᠬᠥᠳᠡᠯᠭᠡᠬᠦ ᠮᠥᠷᠲᠡᠭᠡᠨ ᠢᠯᠡᠭᠦᠭᠡᠨ ᠶᠠᠷᠢᠵᠤ ᠢᠯᠡᠳᠭᠡᠭᠦ ᠶᠢ ᠵᠤᠷᠢᠬᠵᠢᠭᠤᠯᠤᠨ᠂ ᠬᠢᠴᠢᠶᠡᠯᠯᠡᠭᠴᠢ ᠪᠠᠭᠰᠢ ᠲᠠᠢ ᠪᠠᠨ ᠢᠳᠡᠪᠬᠢᠲᠡᠶ ᠪᠠᠷ ᠬᠦᠳᠡᠯᠦᠯᠴᠡᠵᠤ᠂ ᠠᠮᠢᠳᠤᠯᠢᠭ᠂ ᠡᠶ᠎ᠡ ᠨᠠᠶᠢᠷᠲᠠᠶ᠂ ᠪᠦᠲᠦᠮᠵᠢᠲᠡᠶ ᠰᠠᠶᠢᠨ ᠰᠠᠶᠢᠬᠠᠨ ᠪᠣᠯᠪᠠᠰᠤᠷᠠᠯ ᠤᠨ ᠠᠭᠤᠷ ᠠᠮᠢᠰᠬᠤᠯ ᠢ ᠪᠣᠶ ᠪᠣᠯᠭᠠᠵᠡᠢ᠃     ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠬᠢᠶ᠎ᠠ ᠪᠠᠭᠰᠢ ᠲᠣᠭᠤᠷᠢᠭ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠪᠣᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠪᠦᠷᠢ ᠰᠢᠨ᠎ᠡ ᠪᠠᠷ ᠠᠵᠢᠯ ᠤᠨ ᠪᠠᠶᠢᠷᠢ ᠳᠤ ᠭᠠᠷᠬᠤ ᠪᠠᠭᠰᠢ ᠶᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠪᠣᠯᠪᠠᠰᠤᠷᠠᠯ ᠬᠢᠯᠭᠡᠵᠦ᠂ ᠲᠤᠰᠬᠠᠶ ᠮᠡᠷᠭᠡᠵᠢᠯ ᠤᠨ ᠬᠢᠷᠢ ᠳᠦᠪᠰᠢᠨ ᠢ ᠲᠡᠬᠡᠭᠰᠢᠯᠡᠬᠦᠯᠦᠨ᠂ ᠡᠯ᠎ᠡ ᠰᠤᠷᠭᠠᠭᠤᠯᠢ ᠵᠢᠭᠠᠨ ᠰᠤᠳᠤᠯᠬᠤ ᠠᠵᠢᠯᠯᠠᠭ᠎ᠠ ᠲᠠᠢ ᠤᠶᠠᠯᠳᠤᠭᠤᠯᠤᠨ ᠪᠠᠶᠢᠩᠭᠤ ᠶᠢᠨ ᠪᠣᠯᠪᠠᠰᠤᠷᠠᠯ ᠥᠷᠨᠢᠭᠦᠯᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠃ ᠪᠠᠭᠰᠢ ᠶᠢᠨ ᠰᠣᠨᠣᠰᠬᠤ᠂ ᠬᠡᠯᠡᠬᠦ᠂ ᠤᠩᠰᠢᠬᠤ᠂ ᠪᠢᠴᠢᠬᠦ ᠴᠢᠳᠠᠪᠤᠷᠢ ᠶᠢ ᠬᠢᠨᠠᠨ ᠰᠢᠯᠭᠠᠬᠤ ᠲᠣᠭᠲᠠᠴᠠ ᠳᠤ ᠣᠷᠣᠭᠤᠯᠵᠤ᠂ ᠦᠭᠡ ᠬᠡᠯᠡ ᠦᠰᠦᠭ ᠪᠢᠴᠢᠭ ᠢ ᠲᠦᠷᠢᠮᠵᠢᠬᠦᠯᠦᠨ ᠬᠡᠷᠡᠭᠯᠡᠬᠦ ᠶᠢ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ᠂ ᠰᠢᠯᠢᠳᠡᠭ ᠢ ᠰᠢᠯᠭᠠᠷᠠᠭᠤᠯᠬᠤ᠂ ᠲᠤᠰᠢᠶᠠᠯ ᠳᠤ ᠲᠣᠮᠢᠯᠠᠬᠤ᠂ ᠲᠤᠰᠢᠶᠠᠯ ᠳᠤ ᠳᠡᠪᠰᠢᠭᠦᠯᠬᠦ ᠳᠤ ᠵᠠᠪᠠᠯ ᠪᠦᠷᠢᠯᠳᠦᠭᠦᠯᠬᠦ ᠨᠥᠬᠦᠴᠡᠯ ᠪᠣᠯᠭᠠᠵᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ