ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠨᠡᠶᠢᠲᠡᠯᠡᠪᠡ᠂ ᠲᠣᠰ ᠠᠷᠭ᠎ᠠ ᠶᠢ 2023 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠬᠦᠯᠦᠨ᠎ᠡ᠃ | ︽ᠠᠷᠭ᠎ᠠ︾ ᠳᠤ ᠣᠯᠠᠨ ᠲᠦᠮᠡᠨ ᠤ ᠲᠤᠰᠬᠠᠭᠰᠠᠨ ︽ᠲᠦᠭᠦᠬᠡᠶ ᠢᠳᠡᠰᠢᠨ ᠤ ᠰᠢᠨ᠎ᠡ ᠰᠣᠷᠭᠤᠭ ᠦᠡᠭᠭᠡ ᠶᠢ ᠪᠠᠳᠤᠯᠠᠬᠤ ᠭᠡᠷᠡᠯᠲᠦᠭᠦᠯᠭᠡ ᠶᠢᠨ | ᠳ᠋ᠧᠩ︾ ᠬᠡᠷᠡᠭᠯᠡᠨ ᠬᠡᠷᠡᠭᠯᠡᠭᠴᠢᠳ ᠢ ᠪᠤᠷᠤᠭᠤ ᠪᠠᠷ ᠬᠦᠳᠦᠯᠦᠨ ᠵᠢᠯᠣᠭᠤᠳᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠣᠷᠣᠯᠠᠭᠤᠯᠭ᠎ᠠ ᠶᠢᠨ ᠲᠠᠯᠠᠪᠤᠷ ᠤᠨ | ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠪᠠᠶᠢᠷᠢᠯᠠᠭᠤᠯᠬᠤ ᠪᠠ ᠬᠡᠷᠡᠭᠯᠡᠬᠦ ᠱᠠᠭᠠᠷᠳᠠᠯᠭ᠎ᠠ ᠶᠢ ᠨᠡᠮᠡᠨ ᠤᠷᠤᠭᠤᠯᠵᠤ᠂ ᠲᠦᠭᠦᠬᠡᠶ ᠰᠢᠨ᠎ᠡ ᠰᠣᠷᠭᠤᠭ ᠢᠳᠡᠰᠢᠨ ᠤ | ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠨᠡᠨ ᠪᠣᠳᠠᠲᠠᠶ ᠥᠩᠭᠡ ᠵᠡᠷᠭᠡ ᠶᠢᠨ ᠲᠠᠯ᠎ᠠ | ᠪᠠᠷ ᠰᠡᠷᠡᠯ ᠤᠨ ᠡᠷᠬᠡᠲᠡᠨ ᠢ ᠢᠯᠡᠳᠲᠡ ᠨᠥᠯᠥᠭᠡᠯᠡᠬᠦ ᠭᠡᠷᠡᠯᠲᠦᠭᠦᠯᠭᠡ ᠶᠢᠨ ᠲᠥᠬᠦᠭᠡᠷᠦᠮᠵᠢ ᠵᠡᠷᠭᠡ ᠶᠢ ᠬᠡᠷᠡᠭᠯᠡᠨ ᠬᠡᠷᠡᠭᠯᠡᠭᠴᠢᠳ ᠤᠨ ᠢᠳᠡᠭᠡᠨ ᠢ ᠲᠠᠨᠢᠬᠤ | ᠰᠡᠷᠡᠯ ᠤᠨ ᠡᠷᠬᠡᠲᠡᠨ ᠤ ᠮᠡᠳᠡᠷᠡᠭᠦᠢ ᠶᠢ ᠪᠤᠷᠤᠭᠤ ᠪᠠᠷ ᠬᠥᠲᠥᠯᠥᠨ ᠵᠢᠯᠤᠭᠤᠳᠴᠤ ᠪᠣᠯᠬᠤ ᠥᠬᠡᠶ ᠭᠡᠵᠦ ᠲᠣᠳᠣᠷᠬᠠᠶᠢᠯᠠᠪᠠ᠃ | ︽ᠲᠦᠭᠦᠬᠡᠶ ᠢᠳᠡᠰᠢᠨ ᠤ ᠰᠢᠨ᠎ᠡ ᠰᠣᠷᠭᠤᠭ ᠦᠡᠭᠭᠡ ᠶᠢ ᠪᠠᠳᠤᠯᠠᠬᠤ ᠭᠡᠷᠡᠯᠲᠦᠭᠦᠯᠭᠡ ᠶᠢᠨ ᠳ᠋ᠧᠩ︾ ᠭᠡᠷᠡᠭᠯᠡᠵᠦ ᠪᠠᠶᠢᠬᠤ ᠲᠤᠬᠠᠶ ᠠᠯᠢ ᠡᠷᠲᠡ ᠮᠠᠷᠭᠤᠭᠠᠨ | ᠪᠤᠯᠤᠬᠰᠠᠭᠠᠷ ᠢᠷᠡᠵᠡᠢ᠂ ᠨᠢᠳᠤᠨᠤᠨ ᠵᠠᠭᠤᠴᠢᠯᠠᠭᠤᠷ ᠤᠨ ᠬᠢᠨ ᠤ ᠮᠡᠳᠡᠭᠡᠯᠡᠭᠰᠡᠨ ᠢᠶᠠᠷ᠂ ᠵᠠᠷᠢᠮ ᠬᠡᠷᠡᠭᠯᠡᠭᠴᠢᠳ ᠢᠳᠡᠰᠢᠨ ᠨᠣᠭᠤᠭ᠎ᠠ ᠶᠢᠨ ᠵᠠᠬ᠎ᠠ | ᠳᠡᠯᠭᠡᠭᠦᠷ ᠠᠴᠠ ᠥᠩᠭᠡ ᠨᠢ ᠰᠤᠷᠭᠤᠭ ᠰᠠᠶᠢᠬᠠᠨ ᠭᠠᠭ᠋ᠠᠶ ᠶᠢᠨ ᠮᠢᠬ᠎ᠠ ᠬᠤᠳᠠᠯᠳᠤᠨ ᠠᠪᠤᠭᠠᠳ ᠬᠡᠷ ᠲᠡᠭᠡᠨ ᠬᠠᠷᠢᠮᠠᠬᠴᠠ ᠭᠠᠭ᠋ᠠᠶ ᠶᠢᠨ ᠮᠢᠬᠠᠨ ᠤ ᠥᠩᠭᠡ ᠨᠢ | ᠬᠤᠪᠢᠷᠠᠵᠦ᠂ ᠰᠢᠨ᠎ᠡ ᠰᠣᠷᠭᠤᠭ ᠪᠢᠰᠢ ᠪᠤᠯᠵᠤ ᠪᠠᠶᠢᠨ᠎ᠠ ᠭᠡᠪᠡ᠃ | ᠮᠠᠰᠢ ᠣᠯᠠᠨ ᠬᠥᠮᠦᠨ ᠬᠤᠳᠠᠯᠳᠤᠭᠠᠴᠢᠨ ᠤ ︽ᠲᠦᠭᠦᠬᠡᠶ ᠢᠳᠡᠰᠢᠨ ᠤ ᠰᠢᠨ᠎ᠡ ᠰᠣᠷᠭᠤᠭ ᠦᠡᠭᠭᠡ ᠶᠢ ᠪᠠᠳᠤᠯᠠᠬᠤ ᠭᠡᠷᠡᠯᠲᠦᠭᠦᠯᠭᠡ ᠶᠢᠨ ᠳ᠋ᠧᠩ︾ | ᠬᠡᠷᠡᠭᠯᠡᠨ ᠢᠳᠡᠭᠡᠨ ᠤ ᠦᠡᠭᠭᠡ ᠪᠠᠶᠢᠳᠠᠯ ᠢ ᠬᠤᠪᠢᠷᠠᠭᠤᠯᠵᠦ ᠪᠠᠶᠢᠭ᠎ᠠ ᠳᠤ ᠳᠤᠷ᠎ᠠ ᠦᠭᠡᠶᠢᠴᠡᠵᠦ ᠪᠠᠶᠢᠨ᠎ᠠ᠃ ᠲᠡᠳ᠋ᠨ ᠬᠤᠳᠠᠯᠳᠤᠭᠠᠴᠢᠨ ᠤ ᠡᠨᠡ ᠬᠦ ᠦᠢᠯᠡ | ᠠᠵᠢᠯᠯᠠᠭ᠎ᠠ ᠪᠣᠯ ᠬᠡᠷᠡᠭᠯᠡᠭᠴᠢᠳ ᠢ ᠮᠡᠬᠡᠯᠡᠬᠦ ᠨᠢᠭᠡ ᠵᠦᠢᠯ ᠤᠨ ᠠᠷᠭ᠎ᠠ ᠪᠠᠷᠢᠯ ᠮᠥᠨ᠂ ᠢᠲᠡᠭᠡᠯ ᠲᠠᠢ ᠪᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ | ᠵᠥᠷᠢᠴᠡᠭᠰᠡᠨ ᠪᠠᠶᠢᠨ᠎ᠠ ᠭᠡᠵᠦ ᠦᠵᠡᠪᠡ᠃ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨ᠎ᠡ ᠲᠣᠭᠲᠠᠭᠠᠯ ᠳᠤ ᠡᠭᠦᠨ ᠢ ᠬᠤᠷᠢᠬᠯᠠᠨ ᠵᠤᠬᠰᠤᠭᠠᠨ᠎ᠠ | ᠭᠡᠵᠦ ᠲᠤᠳᠤᠷᠬᠠᠶᠢᠯᠠᠬᠰᠠᠨ ᠤ ᠵᠣᠷᠢᠯᠭ᠎ᠠ ᠨᠢ ᠲᠠᠷᠤᠢ ᠬᠡᠷᠡᠭᠯᠡᠭᠴᠢᠳ ᠤᠨ ᠡᠷᠬᠡ ᠠᠰᠢᠭ ᠪᠣᠯᠤᠨ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ | ᠶᠤᠮ᠃ |