ᠬᠤᠶᠠᠷ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠨᠢᠭᠡᠳᠦᠭᠡᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠶᠢ  ᠬᠦᠳᠦᠯᠦᠨ ᠵᠢᠯᠣᠭᠤᠳᠪᠠ
ᠨᠡᠶᠢᠲᠡᠯᠡᠭᠰᠡᠨ ᠴᠠᠭ᠄
2023/9/4
     ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ  ᠬᠦᠢᠯᠬᠡᠬᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 31 ᠤ ᠡᠳᠦᠷ ᠮᠡᠳᠡᠭᠳᠡᠯ ᠨᠡᠶᠢᠲᠡᠯᠡᠵᠦ᠂ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠤᠶᠠᠷ ᠲᠠᠯ᠎ᠠ ᠶᠢᠨ ᠬᠢᠨ ᠤ ᠡᠳ᠋ ᠬᠥᠷᠥᠩᠭᠡ ᠶᠢᠨ ᠥᠷᠢ ᠥᠭᠴᠡᠭᠡ ᠪᠠᠨ ᠡᠮᠬᠢ ᠵᠢᠷᠤᠮ ᠲᠠᠢ ᠪᠠᠷ ᠲᠣᠬᠢᠷᠠᠭᠤᠯᠤᠨ ᠰᠢᠯᠢᠳᠡᠭᠵᠢᠭᠦᠯᠬᠦ ᠶᠢ  ᠬᠦᠳᠦᠯᠦᠨ ᠵᠢᠯᠣᠭᠤᠳᠴᠤ᠂ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ ᠭᠡᠵᠡᠶ᠃ ᠬᠤᠶᠠᠷ ᠰᠠᠯᠠᠭ᠎ᠠ ᠮᠥᠴᠢᠷ ᠲᠤᠰ ᠡᠳᠦᠷ᠂ ᠪᠦᠬᠦ ᠤᠯᠤᠰ ᠤᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠤᠨ ᠲᠥᠷᠥ ᠶᠢᠨ ᠪᠣᠳᠣᠯᠭ᠎ᠠ ᠶᠢᠨ ᠳᠣᠣᠷ᠎ᠠ ᠬᠢᠵᠠᠭᠠᠷ ᠢ ᠨᠢᠭᠡᠳᠭᠡᠵᠦ᠂ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠢ ᠨᠢᠭᠡᠳᠦᠯᠲᠡᠶ ᠪᠠᠷ 30% ᠠᠴᠠ ᠳᠣᠣᠷ᠎ᠠ ᠪᠠᠶᠢᠯᠭᠠᠬᠤ ᠦᠭᠡᠶ ᠭᠡᠵᠦ ᠨᠡᠶᠢᠲᠡᠯᠡᠪᠡ᠃     ᠮᠡᠳᠡᠭᠳᠡᠯ ᠢ ᠦᠨᠳᠦᠰᠦᠯᠡᠪᠡᠯ᠂ 2023 ᠣᠨ ᠤ 9 ᠰᠠᠷ᠎ᠠ ᠶᠢᠨ 25 ᠤ ᠡᠳᠦᠷ ᠠᠴᠠ ᠡᠬᠢᠯᠡᠨ᠂ ᠨᠦᠬᠡᠴᠡ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠢᠭᠡᠯᠡᠭᠴᠢ ᠮᠥᠩᠭᠦᠨ ᠬᠦᠢᠯᠬᠡᠬᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠲᠣᠰ ᠮᠥᠩᠭᠦᠨ  ᠬᠦᠢᠯᠬᠡᠬᠡᠨ ᠤ ᠪᠠᠶᠢᠭᠤᠯᠤᠮᠵᠢ ᠠᠴᠠ ᠰᠢᠨ᠎ᠡ ᠪᠠᠷ ᠵᠢᠭᠡᠯᠡᠯᠭᠡ ᠲᠠᠯᠪᠢᠵᠤ ᠨᠦᠬᠡᠴᠡ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠰᠣᠯᠢᠬᠤ ᠪᠤᠶᠤ ᠭᠡᠷ᠎ᠡ ᠳᠤ ᠪᠣᠯᠵᠣᠨ ᠲᠣᠭᠲᠠᠭᠰᠠᠨ ᠬᠦᠦ ᠮᠥᠩᠭᠦ ᠶᠢᠨ ᠨᠣᠷᠮ᠎ᠠ ᠶᠢᠨ ᠲᠦᠪᠰᠢᠨ ᠢ ᠵᠥᠪᠳᠡᠯᠴᠡᠨ ᠬᠤᠪᠢᠷᠠᠭᠤᠯᠵᠤ ᠪᠣᠯᠤᠨ᠎ᠠ᠃ ᠰᠢᠨ᠎ᠡ ᠪᠠᠷ ᠲᠠᠯᠪᠢᠬᠤ ᠵᠢᠭᠡᠯᠡᠯᠭᠡ ᠪᠤᠶᠤ ᠬᠤᠪᠢᠷᠠᠭᠤᠯᠤᠭᠰᠠᠨ ᠤ ᠳᠠᠷᠠᠭᠠᠬᠢ ᠵᠢᠭᠡᠯᠡᠯᠭᠡ ᠶᠢᠨ ᠭᠡᠷ᠎ᠡ ᠶᠢᠨ ᠬᠦᠦ ᠮᠥᠩᠭᠦ ᠶᠢᠨ ᠨᠣᠷᠮ᠎ᠠ ᠶᠢᠨ ᠲᠦᠪᠰᠢᠨ ᠢ ᠮᠥᠩᠭᠦᠨ ᠬᠦᠢᠯᠬᠡᠬᠡᠨ ᠤ ᠪᠠᠶᠢᠭᠤᠯᠤᠮᠵᠢ ᠪᠣᠯᠤᠨ ᠵᠣᠭᠤᠰ ᠵᠢᠭᠡᠯᠡᠭᠴᠢ ᠪᠡᠶ᠎ᠡ ᠪᠠᠨ ᠳᠠᠭᠠᠭᠠᠵᠤ ᠵᠥᠪᠳᠡᠯᠴᠡᠨ ᠲᠣᠭᠲᠠᠭᠠᠨ᠎ᠠ᠂ ᠭᠡᠪᠡᠴᠦ ᠵᠢᠭᠡᠯᠡᠯᠭᠡ ᠶᠢᠨ ᠵᠠᠬ᠎ᠠ ᠳᠡᠯᠭᠡᠭᠦᠷ ᠲᠤ ᠮᠡᠳᠡᠬᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠳᠡᠭᠡᠷ᠎ᠡ ᠨᠡᠮᠡᠬᠦ ᠬᠡᠮᠵᠢᠶ᠎ᠡ ᠶᠢ ᠤᠤᠯ ᠤᠨ ᠵᠢᠭᠡᠯᠡᠯᠭᠡ ᠲᠠᠯᠪᠢᠬᠤ ᠦᠶ᠎ᠡ ᠶᠢᠨ ᠪᠠᠶᠢᠭ᠎ᠠ ᠬᠤᠲᠠ ᠶᠢᠨ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠤᠤᠷᠠᠳᠤ ᠬᠢᠵᠠᠭᠠᠷ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃     ᠬᠤᠶᠠᠷ ᠰᠠᠯᠠᠭ᠎ᠠ ᠮᠥᠴᠢᠷ᠂ ᠡᠯ᠎ᠡ ᠮᠥᠩᠭᠦᠨ ᠬᠦᠢᠯᠬᠡᠬᠡᠨ ᠤ ᠪᠠᠶᠢᠭᠤᠯᠤᠮᠵᠢ ᠨᠤᠭᠤᠳ ᠪᠣᠳᠠᠲᠠᠶ ᠠᠵᠢᠯᠯᠠᠬᠤ ᠨᠠᠷᠢᠨ ᠲᠦᠷᠢᠮ ᠢ ᠱᠠᠯᠠᠪᠳᠠᠨ ᠲᠣᠭᠲᠠᠭᠠᠵᠤ᠂ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠬᠡᠨ ᠤ ᠲᠦᠪᠰᠢᠨ ᠢᠶᠠᠨ ᠲᠡᠬᠡᠭᠰᠢᠯᠡᠬᠦᠯᠦᠨ᠂ ᠵᠣᠭᠤᠰ ᠵᠢᠭᠡᠯᠡᠭᠴᠢ ᠶᠢᠨ ᠭᠤᠶᠤᠴᠢᠯᠠᠯ ᠢ ᠴᠠᠭ ᠲᠤᠬᠠᠶ ᠳᠤᠨᠢ ᠰᠶᠢᠳᠪᠦᠷᠢᠯᠡᠵᠦ᠂ ᠠᠯᠢ ᠴᠢᠳᠠᠬᠤ ᠪᠠᠷ ᠳᠥᠭᠦᠮ ᠳᠥᠲᠡ ᠠᠷᠭ᠎ᠠ ᠬᠡᠮᠵᠢᠶ᠎ᠡ ᠠᠪᠴᠤ᠂ ᠵᠣᠭᠤᠰ ᠵᠢᠭᠡᠯᠡᠭᠴᠢ ᠶᠢᠨ ᠤᠴᠢᠷ ᠶᠠᠪᠤᠳᠠᠯ ᠬᠦᠢᠴᠡᠳᠭᠡᠬᠦ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ ᠭᠡᠵᠦ ᠱᠠᠭᠠᠷᠳᠠᠪᠠ᠃     ᠲᠤᠬᠠᠶ ᠶᠢᠨ ᠡᠳᠦᠷ᠂ ᠳᠡᠭᠡᠷ᠎ᠡ ᠳᠤᠷᠠᠳᠤᠭᠰᠠᠨ ᠬᠤᠶᠠᠷ ᠰᠠᠯᠠᠭ᠎ᠠ ᠮᠥᠴᠢᠷ ᠪᠠᠰᠠ ᠮᠡᠳᠡᠭᠳᠡᠯ ᠨᠡᠶᠢᠲᠡᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠥᠷᠢᠶᠡᠲᠦ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠰᠢᠯᠢᠳᠡᠭᠵᠢᠬᠦᠯᠦᠨ᠂ ᠪᠥᠬᠦ ᠤᠯᠤᠰ ᠤᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠤᠨ ᠲᠥᠷᠥ ᠶᠢᠨ ᠪᠣᠳᠣᠯᠭ᠎ᠠ ᠶᠢᠨ ᠳᠤᠤᠷᠠᠳᠤ ᠬᠢᠵᠠᠭᠠᠷ ᠢ ᠨᠢᠭᠡᠳᠭᠡᠪᠡ᠃     ᠮᠡᠳᠡᠭᠳᠡᠯ ᠢ ᠦᠨᠳᠦᠰᠦᠯᠡᠪᠡᠯ᠂ ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠭᠤᠭᠠᠯᠢ ᠠᠷᠠᠳ ᠤᠨ ᠬᠡᠷ ᠪᠦᠯᠢ ᠶᠢᠨ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠢ 20% ᠠᠴᠠ ᠳᠤᠤᠷ᠎ᠠ ᠪᠠᠶᠢᠯᠭᠠᠬᠤ ᠥᠬᠡᠶ᠂ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠢ 30% ᠠᠴᠠ ᠳᠤᠤᠷ᠎ᠠ ᠪᠠᠶᠢᠯᠭᠠᠬᠤ ᠥᠬᠡᠶ᠃ ᠬᠤᠶᠠᠳᠤᠭᠠᠷ ᠢᠵᠢ ᠣᠷᠣᠨ ᠰᠠᠭᠤᠴᠠ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠤᠤᠷᠠᠳᠤ ᠬᠢᠵᠠᠭᠠᠷ ᠢ ᠵᠣᠬᠢᠴᠠᠩᠭᠤᠶ ᠬᠤᠭᠤᠴᠠᠭᠠᠲᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠬᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠳᠡᠭᠡᠷ᠎ᠡ 20 ᠰᠠᠭᠤᠷᠢ ᠴᠡᠭ ᠨᠡᠮᠡᠪᠡ᠃    ᠬᠤᠶᠠᠷ ᠰᠠᠯᠠᠭ᠎ᠠ ᠮᠥᠴᠢᠷ᠂ ᠡᠯ᠎ᠡ ᠭᠠᠵᠠᠷ ᠤᠨ ᠬᠢᠨ ᠬᠤᠲᠠ ᠶᠢᠨ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠲᠤᠬᠠᠶ ᠶᠢᠨ ᠭᠠᠵᠠᠷ ᠤᠨ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠲᠣᠬᠢᠷᠠᠭᠤᠯᠤᠯ ᠡᠵᠡᠮᠳᠡᠯ ᠤᠨ ᠬᠡᠷᠡᠭᠴᠡᠭᠡ ᠶᠢ ᠦᠨᠳᠦᠰᠦᠯᠡᠨ᠂ ᠬᠠᠷᠢᠶ᠎ᠠ ᠣᠷᠣᠨ ᠤ ᠪᠠᠨ ᠳᠣᠲᠣᠷᠠᠬᠢ ᠨᠢᠭᠡᠳᠦᠭᠡᠷ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠠᠩᠬ᠎ᠠ ᠲᠤᠰᠢᠶᠠᠬᠤ ᠮᠦᠡᠭᠭᠦ ᠶᠢᠨ ᠬᠠᠷᠢᠴᠠᠯ ᠪᠠ ᠬᠦᠦ ᠮᠥᠩᠭᠦ ᠶᠢᠨ ᠨᠣᠷᠮ᠎ᠠ ᠶᠢᠨ ᠳᠤᠤᠷᠠᠳᠤ ᠬᠢᠵᠠᠭᠠᠷ ᠢ ᠪᠡᠶ᠎ᠡ ᠪᠠᠨ ᠳᠠᠭᠠᠭᠠᠵᠤ ᠲᠣᠭᠲᠠᠭᠠᠵᠤ ᠪᠣᠯᠤᠨ᠎ᠠ ᠭᠡᠵᠦ ᠢᠯᠡᠳᠭᠡᠪᠡ᠃                      ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ