ᠬᠠᠩᠭᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/9/4
     ᠡᠨᠡ ᠵᠢᠯ ᠠᠴᠠ ᠨᠠᠭᠠᠰᠢ᠂ ᠬᠠᠩᠭᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠶᠢ ᠤᠬᠠᠭᠤᠯᠬᠤ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠬᠤ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠴᠢᠩᠭᠠᠳᠬᠠᠬᠤ᠂ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢ ᠴᠢᠩᠭᠠᠳᠬᠠᠬᠤ ᠪᠠᠷ ᠳᠡᠮᠵᠢᠭᠤᠯᠤᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠶᠢ ᠠᠬᠢᠭᠤᠯᠵᠤ ᠪᠠᠶᠢᠨ᠎ᠠ᠃     ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠬᠦᠯᠬᠦ ᠶᠢ ᠠᠬᠢᠭᠤᠯᠪᠠ᠃    ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠤᠬᠠᠭᠤᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠭᠤᠯᠭ᠎ᠠ ᠶᠢ ᠺᠠᠳ᠋ᠷ ᠤᠨ ᠬᠥᠮᠦᠵᠢᠯ ᠰᠤᠷᠤᠯᠴᠠᠯᠭ᠎ᠠ ᠶᠢᠨ ᠵᠠᠪᠠᠯ ᠰᠤᠷᠬᠤ ᠬᠢᠴᠢᠶᠡᠯ ᠳᠤ ᠣᠷᠣᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠪᠠ᠃ ᠡᠨᠡ ᠵᠢᠯ ᠠᠴᠠ ᠨᠠᠭᠠᠰᠢ᠂ ᠬᠤᠯᠪᠣᠭᠳᠠᠯ ᠪᠦᠬᠦᠢ  ᠲᠦᠪᠯᠡᠷᠡᠬᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ 3 ᠤᠳᠠᠭ᠎ᠠ ᠥᠷᠨᠢᠭᠦᠯᠵᠦ᠂ ᠭᠤᠣᠯ ᠰᠡᠳᠦᠪᠲᠦ ᠨᠠᠮ ᠤᠨ ᠬᠢᠴᠢᠶᠡᠯ ᠢ 1 ᠤᠳᠠᠭ᠎ᠠ ᠥᠷᠨᠢᠭᠦᠯᠵᠦ᠂ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠬᠤ ᠰᠤᠷᠤᠯᠴᠠᠯᠭ᠎ᠠ ᠶᠢ 3 ᠤᠳᠠᠭ᠎ᠠ ᠥᠷᠨᠢᠭᠦᠯᠵᠡᠢ᠃     ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠭᠤᠣᠯ ᠵᠠᠭᠤᠴᠢᠯᠠᠭᠤᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠪᠠᠳᠠᠷᠠᠭᠤᠯᠵᠤ᠂ ᠶᠠᠷᠢᠶ᠎ᠠ ᠬᠡᠯᠡᠯᠴᠡᠭᠡᠨ ᠤ ᠰᠠᠨᠠᠭᠠᠴᠢᠯᠠᠭᠠᠲᠤ ᠡᠷᠬᠡ ᠪᠠ ᠭᠤᠣᠯᠯᠠᠬᠤ ᠡᠷᠬᠡ ᠶᠢ ᠪᠠᠲᠤ ᠡᠵᠡᠮᠳᠡᠵᠦ᠂ ᠡᠯ᠎ᠡ ᠰᠤᠨᠢᠨ ᠮᠡᠳᠡᠭᠡᠨ ᠤ ᠤᠬᠠᠭᠤᠯᠭ᠎ᠠ ᠶᠢᠨ ᠲᠠᠪᠴᠠᠩ ᠢ ᠠᠰᠢᠬᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠪᠠ᠃ ᠪᠥᠬᠦ ᠬᠤᠰᠢᠭᠤᠨ ᠤ ᠬᠡᠪᠴᠢᠶᠡᠨ ᠳᠤ ᠭᠤᠣᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠦᠢᠯᠡᠳᠣᠯᠬᠡ ᠶᠢ ᠤᠬᠠᠭᠤᠯᠤᠨ ᠮᠡᠳᠡᠭᠡᠯᠡᠵᠦ᠂ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢ ᠬᠠᠩᠭᠢᠨ ᠬᠤᠰᠢᠭᠤᠨ ᠳᠤ ᠠᠮᠢᠳᠤᠯᠢᠭ ᠦᠢᠯᠡᠳᠣᠯᠬᠡᠵᠢᠬᠦᠯᠦᠭᠰᠡᠨ ᠢ ᠪᠦᠲᠦᠮᠵᠢᠲᠠᠢ ᠤᠬᠠᠭᠤᠯᠵᠤ ᠪᠠᠶᠢᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ