ᠣᠯᠠᠩᠬᠢ ᠡᠪᠡᠳᠴᠢᠨ ᠡᠭᠦᠨ ᠠᠴᠠ ᠪᠣᠯᠵᠤ ᠡᠭᠦᠰᠳᠡᠭ
ᠨᠡᠶᠢᠲᠡᠯᠡᠭᠰᠡᠨ ᠴᠠᠭ᠄
2023/9/4
   ᠤᠳᠤ ᠦᠶ᠎ᠡ ᠶᠢᠨ ᠠᠮᠢᠳᠤᠷᠠᠯ ᠨᠢ ᠳᠠᠷᠤᠯᠲᠠ ᠶᠠᠬᠡᠲᠡᠢ ᠪᠠᠶᠢᠳᠠᠭ᠃ ᠠᠵᠢᠯ᠂ ᠭᠡᠷ ᠪᠦᠯᠢ᠂ ᠦᠷ᠎ᠡ ᠬᠡᠦᠬᠡᠳ᠂ ᠭᠡᠷ ᠪᠠᠶᠢᠰᠢᠩ᠂ ᠲᠡᠷᠭᠡ ᠮᠠᠰᠢᠨ ᠁ ᠭᠡᠳ ᠬᠦᠮᠦᠰ ᠤᠨ ᠪᠡᠶ᠎ᠡ ᠰᠡᠳᠬᠢᠯ ᠢ ᠲᠦᠢᠯ ᠢᠶᠠᠷ ᠵᠦᠳᠡᠭᠡᠵᠤ ᠪᠠᠶᠢᠳᠠᠭ᠃   ᠵᠣᠬᠢᠬᠤ ᠬᠡᠮᠵᠢᠶᠡᠨ ᠤ ᠳᠠᠷᠤᠯᠲᠠ ᠨᠢ ᠬᠦᠮᠦᠰ ᠤᠨ ᠠᠮᠢᠳᠤᠷᠠᠯ ᠠᠵᠢᠯ ᠦᠢᠯᠡᠰ ᠢ ᠨᠡᠩ ᠢᠯᠡᠭᠦᠦ ᠬᠥᠳᠡᠯᠭᠡᠬᠦ ᠬᠦᠴᠦᠨ ᠲᠠᠢ ᠪᠣᠯᠭᠠᠵᠤ ᠪᠣᠯᠤᠨ᠎ᠠ᠂ ᠭᠡᠪᠡᠴᠦ ᠳᠠᠷᠤᠯᠲᠠ ᠬᠡᠲᠦᠷᠬᠡᠶ ᠶᠡᠭᠡ ᠪᠣᠯᠪᠠᠯ ᠣᠯᠵᠠ ᠨᠢ ᠭᠠᠷᠤᠵᠠ ᠳᠠᠭᠠᠨ ᠬᠦᠷᠬᠦ ᠦᠭᠡᠢ ᠪᠣᠯᠤᠨ᠎ᠠ᠃   ᠨᠠᠢᠮᠠᠨ ᠬᠤᠪᠢ ᠶᠢᠨ ᠡᠪᠡᠳᠴᠢᠨ ᠨᠢ ᠳᠠᠷᠤᠯᠲᠠ ᠠᠴᠠ ᠢᠷᠡᠯᠲᠡ ᠲᠠᠢ᠃   ᠡᠨᠡ ᠪᠣᠯ ᠠᠮᠧᠷᠢᠺᠠ ᠶᠢᠨ ᠰᠡᠳᠬᠢᠯ ᠵᠦᠢ ᠶᠢᠨ ᠤᠬᠠᠭᠠᠨᠲᠠᠨ 2005 ᠣᠨ ᠳᠤ ᠣᠷᠴᠢᠮ ᠤᠨ 20 ᠵᠢᠯ ᠳᠤ ᠨᠡᠶᠢᠲᠡᠯᠡᠭᠰᠡᠨ ᠰᠤᠳᠤᠯᠭᠠᠨ ᠤ ᠦᠷ᠎ᠡ ᠪᠦᠲᠦᠭᠡᠯ ᠢ ᠮᠥᠷᠳᠡᠨ ᠪᠠᠶᠢᠴᠠᠭᠠᠭᠰᠠᠨ ᠤ ᠳᠠᠷᠠᠭ᠎ᠠ ᠣᠯᠤᠭᠰᠠᠨ ᠳ᠋ᠦᠩᠨᠡᠯᠲᠡ ᠪᠣᠯᠤᠨ᠎ᠠ᠃ ᠡᠭᠦᠨ ᠠᠴᠠ ᠭᠠᠳᠠᠨ᠎ᠠ᠂ ᠠᠮᠧᠷᠢᠺᠠ ᠶᠢᠨ ᠳᠠᠷᠤᠯᠲᠠ ᠶᠢᠨ ᠬᠠᠮᠢᠶᠠᠷᠤᠯᠲᠠ ᠶᠢᠨ ᠨᠡᠶᠢᠭᠡᠮᠯᠢᠭ ᠠᠴᠠ ᠪᠠᠰᠠ 75% ~ 90% ᠶᠢᠨ ᠡᠬᠢᠨ ᠤ ᠬᠤᠭᠤᠴᠠᠭᠠᠨ ᠤ ᠳᠣᠲᠣᠷ ᠰᠠᠯᠠᠭᠠᠨ ᠤ ᠡᠪᠡᠳᠴᠢᠨ ᠪᠣᠯ ᠳᠠᠷᠤᠯᠲᠠ ᠠᠴᠠ ᠪᠣᠯᠤᠭᠰᠠᠨ ᠶᠤᠮ ᠭᠡᠵᠦ ᠵᠢᠭᠠᠵᠤ ᠭᠠᠷᠭᠠᠵᠠᠶ᠃ ᠥᠭᠡᠷ᠎ᠡ ᠪᠠᠷ ᠬᠡᠯᠡᠪᠡᠯ᠂ ᠳᠣᠲᠣᠷ ᠰᠠᠯᠠᠭᠠᠨ ᠤ ᠡᠪᠡᠳᠴᠢᠲᠡᠨ ᠤ ᠳᠣᠲᠣᠷᠠᠬᠢ ᠲᠤᠯᠤᠭᠠᠨ ᠬᠤᠪᠢ ᠠᠴᠠ ᠶᠢᠰᠦᠨ ᠬᠤᠪᠢ ᠨᠢ ᠭᠤᠣᠯᠳᠠᠭᠤ ᠳᠠᠷᠤᠯᠲᠠ ᠠᠴᠠ ᠪᠤᠯᠵᠦ ᠡᠯ᠎ᠡ ᠵᠦᠢᠯ ᠤᠨ ᠪᠡᠶ᠎ᠡ ᠮᠠᠬᠠᠪᠣᠳ ᠤᠨ ᠡᠪᠡᠳᠴᠢᠨ ᠳᠤ ᠨᠡᠷᠪᠡᠭᠳᠡᠳᠡᠭ ᠪᠠᠶᠢᠨ᠎ᠠ᠃   ᠡᠳᠡᠭᠡᠷ ᠡᠪᠡᠳᠴᠢᠨ ᠤ ᠣᠯᠠᠩᠬᠢ ᠨᠢ ᠳᠠᠷᠤᠯᠲᠠ ᠬᠡᠲᠦᠷᠬᠡᠶ ᠶᠡᠭᠡ ᠲᠠᠢ ᠬᠤᠯᠪᠤᠭ᠎ᠠ ᠲᠠᠢ᠃   ᠬᠤᠳᠣᠭᠤᠳᠣ ᠡᠪᠡᠳᠬᠦ᠂ ᠬᠤᠳᠣᠭᠤᠳᠣ ᠴᠢᠨᠦᠷᠡᠬᠦ᠂ ᠴᠢᠨᠠᠭᠰᠢᠯᠠᠪᠠᠯ ᠬᠤᠳᠣᠭᠤᠳᠣᠨ ᠤ ᠰᠢᠷᠬᠠᠯᠠᠭ᠎ᠠ᠂ ᠨᠤᠭᠤᠯᠤᠭᠤᠷ ᠭᠡᠳᠡᠰᠦᠨ ᠤ ᠰᠢᠷᠬᠠᠯᠠᠭ᠎ᠠ ᠵᠡᠷᠭᠡ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ᠂ ᠲᠡᠷᠢᠬᠢ ᠵᠢᠷᠦᠭᠡᠨ ᠰᠤᠳᠠᠯ ᠤᠨ ᠡᠪᠡᠳᠴᠢᠨ᠂ ᠬᠦᠬᠦᠨ ᠪᠤᠯᠴᠢᠷᠬᠠᠶ ᠶᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠪᠠᠮᠪᠠᠢ ᠪᠤᠯᠴᠢᠷᠬᠠᠶ ᠶᠢᠨ ᠡᠪᠡᠳᠴᠢᠨ᠂ ᠵᠢᠷᠮᠦᠰᠦᠯᠡᠬᠦ ᠦᠭᠡᠢ ᠡᠪᠡᠳᠴᠢᠨ᠂ ᠬᠤᠣᠷᠲᠤ ᠬᠠᠪᠤᠳᠠᠷ᠂ ᠭᠠᠩᠰᠠᠷᠠᠯ ᠤᠨ ᠭᠡᠮ᠂ ᠶᠠᠰᠤᠨ ᠤ ᠡᠳ᠋ ᠠᠯᠳᠠᠭᠳᠠᠬᠤ᠂ ᠨᠦᠢᠷ ᠬᠤᠯᠵᠢᠬᠤ ᠵᠡᠷᠭᠡ ᠡᠪᠡᠳᠴᠢᠨ ᠨᠢ ᠪᠠᠷᠤᠭ ᠪᠦᠷ ᠳᠠᠷᠤᠯᠲᠠ ᠠᠴᠠ ᠪᠣᠯᠣᠭᠰᠠᠨ ᠶᠤᠮ ᠪᠠᠶᠢᠨ᠎ᠠ᠃   ᠰᠤᠳᠤᠯᠭᠠᠨ ᠠᠴᠠ ᠦᠵᠡᠪᠡᠯ᠂ ᠨᠠᠮ ᠲᠣᠭᠲᠠᠭᠤᠨ ᠰᠠᠭᠤᠬᠤ᠂ ᠬᠥᠳᠡᠯᠭᠡᠭᠡᠨ ᠬᠢᠬᠦ᠂ ᠳᠠᠭᠤᠤ ᠬᠥᠭᠵᠢᠮ ᠰᠣᠨᠣᠰᠬᠤ᠂ ᠠᠩᠬᠠᠷᠤᠯ ᠢᠶᠠᠨ ᠰᠢᠯᠵᠢᠭᠦᠯᠬᠦ ᠵᠡᠷᠭᠡ ᠨᠢ ᠳᠠᠷᠤᠯᠲᠠ ᠶᠢ ᠪᠠᠭᠠᠰᠬᠠᠬᠤ ᠳᠤ ᠮᠠᠰᠢ ᠲᠤᠰᠠ ᠲᠠᠢ ᠪᠠᠶᠢᠳᠠᠭ᠃
ᠢᠷᠡᠯᠲᠡ᠄ ᠣᠷᠳᠣᠰ ᠤᠨ ᠡᠳᠦᠷ ᠦᠨ ᠰᠣᠨᠢᠨ