ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠱᠠᠩᠬᠠᠶ ᠬᠤᠲᠠ᠂ | ᠱᠠᠨᠳᠦ᠋ᠩ ᠮᠤᠵᠢ᠂ ᠬᠥᠬᠡᠨᠠᠭᠤᠷ ᠮᠤᠵᠢ᠂ ᠹᠦᠵᠢᠶᠠᠨ ᠮᠤᠵᠢ ᠶᠢᠨ ᠰᠢᠶᠠᠮᠧᠨ ᠬᠤᠲᠠ᠂ ᠬᠤᠨᠠᠨ ᠮᠤᠵᠢ ᠶᠢᠨ ᠴᠠᠩᠳᠧ ᠬᠤᠲᠠ᠂ ᠬᠠᠷᠠᠮᠥ᠋ᠷᠡᠨ ᠮᠤᠵᠢ ᠶᠢᠨ ᠾᠸᠢ | ᠾᠧ ᠬᠤᠲᠠ ᠨᠧᠨᠵᠢᠶᠠᠩ ᠬᠤᠲᠠ᠂ ᠵᠧᠵᠢᠶᠠᠩ ᠮᠤᠵᠢ ᠶᠢᠨ ᠸᠧᠨᠵᠸᠤ ᠬᠤᠲᠠ ᠶᠢᠨ ᠡᠸᠤ ᠬᠠᠶ ᠲᠣᠭᠤᠷᠢᠭ᠂ ᠾᠧᠨᠠᠨ ᠮᠤᠵᠢ ᠶᠢᠨ ᠱᠠᠩᠴᠢᠦ ᠬᠤᠲᠠ ᠶᠦᠩᠴᠸᠡᠭ | ᠬᠤᠲᠠ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠦᠢᠯᠢᠨ ᠬᠤᠲᠠ ᠯᠢᠫᠦ᠋ ᠬᠤᠲᠠ᠂ ᠴᠦᠩᠴᠢᠩ ᠬᠤᠲᠠ ᠶᠢᠨ ᠶᠦᠨᠶᠠᠩ | ᠰᠢᠶᠠᠨ ᠵᠡᠷᠭᠡ ᠮᠤᠵᠢ᠂ ᠬᠤᠲᠠ᠂ ᠰᠢᠶᠠᠨ ᠤ 10 ᠭᠠᠵᠠᠷ ᠣᠷᠣᠨ ᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ ᠪᠠᠷ ᠪᠠᠶᠢᠷᠢᠯᠠᠭᠤᠯᠪᠠ᠃ | ᠲᠣᠰ ᠤᠳᠠᠭ᠎ᠠ ᠶᠢᠨ ᠲᠤᠷᠰᠢᠯᠲᠠ ᠶᠢᠨ ᠴᠢᠭ᠋ ᠨᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ | ᠠᠩᠬᠠᠷᠤᠯ ᠢᠶᠠᠨ ᠬᠠᠨᠳᠤᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠥᠬᠦ ᠬᠡᠯᠬᠢᠶ᠎ᠡ ᠪᠠᠷ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠪᠠᠷ | ᠬᠠᠷᠠᠯᠲᠠ ᠪᠣᠯᠭᠠᠨ᠂ ᠪᠠᠭᠰᠢ ᠶᠢ ᠬᠥᠮᠦᠵᠢᠭᠦᠯᠵᠦ ᠬᠥᠭᠵᠢᠭᠦᠯᠬᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠭᠤᠮᠵᠢ | ᠪᠠᠲᠤᠯᠠᠭ᠎ᠠ ᠵᠡᠷᠭᠡ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠣᠷᠣᠨ ᠨᠤᠲᠤᠭ ᠤᠨ ᠬᠢᠨ ᠤ ᠰᠠᠭᠤᠷᠢ ᠰᠤᠷᠭᠠᠨ | ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠰᠡᠳᠬᠢᠮᠵᠢ ᠪᠠ ᠰᠢᠨ᠎ᠡ ᠠᠷᠭ᠎ᠠ ᠬᠡᠮᠵᠢᠶ᠎ᠡ ᠶᠢ | ᠰᠦᠪᠡᠭᠴᠢᠯᠡᠬᠦ ᠶᠢ ᠵᠣᠷᠢᠭᠵᠢᠭᠤᠯᠤᠨ ᠳᠡᠮᠵᠢᠵᠦ᠂ ᠣᠲᠣ ᠦᠶ᠎ᠡ ᠶᠢᠨ ᠪᠠᠭᠰᠢ ᠶᠢᠨ ᠡᠩᠨᠡᠭᠡ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠭᠡᠬᠦ | ᠪᠤᠯᠤᠨ᠎ᠠ᠃ ᠲᠤᠷᠰᠢᠯᠲᠠ ᠶᠢᠨ ᠴᠠᠭ ᠨᠢ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠭᠢᠯᠡᠵᠦ᠂ ᠦᠶᠡᠯᠡᠯ ᠤᠨ ᠬᠤᠭᠤᠴᠠᠭ᠎ᠠ ᠨᠢ 3 ᠵᠢᠯ ᠪᠣᠯᠤᠨ᠎ᠠ᠃ |