ᠰᠤᠷᠭᠠᠨ ᠬᠥᠮᠦᠵᠢᠯ ᠤᠨ ᠶᠠᠮᠤᠨ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/9/5
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠤᠯᠤᠰ ᠤᠨ  ᠰᠠᠭᠤᠷᠢ  ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ  ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠱᠠᠩᠬᠠᠶ ᠬᠤᠲᠠ᠂ ᠱᠠᠨᠳᠦ᠋ᠩ  ᠮᠤᠵᠢ᠂ ᠬᠥᠬᠡᠨᠠᠭᠤᠷ ᠮᠤᠵᠢ᠂ ᠹᠦᠵᠢᠶᠠᠨ ᠮᠤᠵᠢ ᠶᠢᠨ ᠰᠢᠶᠠᠮᠧᠨ ᠬᠤᠲᠠ᠂ ᠬᠤᠨᠠᠨ ᠮᠤᠵᠢ ᠶᠢᠨ ᠴᠠᠩᠳᠧ ᠬᠤᠲᠠ᠂ ᠬᠠᠷᠠᠮᠥ᠋ᠷᠡᠨ ᠮᠤᠵᠢ ᠶᠢᠨ ᠾᠸᠢ ᠾᠧ ᠬᠤᠲᠠ ᠨᠧᠨᠵᠢᠶᠠᠩ ᠬᠤᠲᠠ᠂ ᠵᠧᠵᠢᠶᠠᠩ ᠮᠤᠵᠢ ᠶᠢᠨ ᠸᠧᠨᠵᠸᠤ ᠬᠤᠲᠠ ᠶᠢᠨ ᠡᠸᠤ ᠬᠠᠶ ᠲᠣᠭᠤᠷᠢᠭ᠂ ᠾᠧᠨᠠᠨ ᠮᠤᠵᠢ ᠶᠢᠨ ᠱᠠᠩᠴᠢᠦ ᠬᠤᠲᠠ ᠶᠦᠩᠴᠸᠡᠭ ᠬᠤᠲᠠ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠦᠢᠯᠢᠨ ᠬᠤᠲᠠ ᠯᠢᠫᠦ᠋ ᠬᠤᠲᠠ᠂ ᠴᠦᠩᠴᠢᠩ ᠬᠤᠲᠠ ᠶᠢᠨ ᠶᠦᠨᠶᠠᠩ ᠰᠢᠶᠠᠨ ᠵᠡᠷᠭᠡ ᠮᠤᠵᠢ᠂ ᠬᠤᠲᠠ᠂ ᠰᠢᠶᠠᠨ ᠤ 10 ᠭᠠᠵᠠᠷ ᠣᠷᠣᠨ ᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ ᠪᠠᠷ ᠪᠠᠶᠢᠷᠢᠯᠠᠭᠤᠯᠪᠠ᠃    ᠲᠣᠰ ᠤᠳᠠᠭ᠎ᠠ ᠶᠢᠨ ᠲᠤᠷᠰᠢᠯᠲᠠ ᠶᠢᠨ ᠴᠢᠭ᠋ ᠨᠢ ᠪᠠᠭᠰᠢ ᠶᠢᠨ ᠡᠩᠨᠡᠭᠡ ᠶᠢᠨ  ᠪᠠᠶᠢᠭᠤᠯᠤᠯᠲᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠥᠬᠦ  ᠬᠡᠯᠬᠢᠶ᠎ᠡ ᠪᠠᠷ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠪᠠᠷ ᠬᠠᠷᠠᠯᠲᠠ  ᠪᠣᠯᠭᠠᠨ᠂ ᠪᠠᠭᠰᠢ ᠶᠢ  ᠬᠥᠮᠦᠵᠢᠭᠦᠯᠵᠦ ᠬᠥᠭᠵᠢᠭᠦᠯᠬᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠭᠤᠮᠵᠢ ᠪᠠᠲᠤᠯᠠᠭ᠎ᠠ ᠵᠡᠷᠭᠡ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠣᠷᠣᠨ  ᠨᠤᠲᠤᠭ ᠤᠨ ᠬᠢᠨ ᠤ  ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠰᠡᠳᠬᠢᠮᠵᠢ ᠪᠠ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠬᠦ ᠶᠢ ᠵᠣᠷᠢᠭᠵᠢᠭᠤᠯᠤᠨ ᠳᠡᠮᠵᠢᠵᠦ᠂ ᠣᠲᠣ  ᠦᠶ᠎ᠡ ᠶᠢᠨ ᠪᠠᠭᠰᠢ ᠶᠢᠨ ᠡᠩᠨᠡᠭᠡ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠭᠡᠬᠦ ᠪᠤᠯᠤᠨ᠎ᠠ᠃ ᠲᠤᠷᠰᠢᠯᠲᠠ ᠶᠢᠨ ᠴᠠᠭ ᠨᠢ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠭᠢᠯᠡᠵᠦ᠂ ᠦᠶᠡᠯᠡᠯ ᠤᠨ ᠬᠤᠭᠤᠴᠠᠭ᠎ᠠ ᠨᠢ 3 ᠵᠢᠯ ᠪᠣᠯᠤᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ