ᠪᠤᠷᠤᠪᠠᠯᠭᠠᠰᠤ ᠪᠠᠯᠭᠠᠰᠤ ᠮᠢᠬᠠᠨ ᠦᠬᠡᠷ ᠲᠦᠷᠢᠶᠡᠰᠦᠯᠡᠬᠦᠯᠬᠦ ᠵᠠᠭᠪᠤᠷ ᠢᠶᠠᠷ ᠮᠠᠯᠴᠢᠨ ᠲᠠᠷᠢᠶᠠᠴᠢᠳ ᠤᠨ ᠠᠮᠢᠳᠤᠷᠠᠯ ᠢ ᠴᠢᠨᠡᠬᠡᠯᠢᠭᠵᠢᠬᠦᠯᠦᠨ᠎ᠡ
ᠨᠡᠶᠢᠲᠡᠯᠡᠭᠰᠡᠨ ᠴᠠᠭ᠄
2023/9/5
     ᠤᠯᠵᠠᠴᠢ ᠶᠢᠨ ᠮᠡᠳᠡᠭᠡ ᠭᠠᠴᠠᠭᠠᠨ ᠤ ᠠᠵᠦ ᠠᠬᠤᠢ ᠶᠢᠨ ᠪᠦᠲᠦᠴᠡ ᠲᠠᠩ ᠴᠤᠯᠭᠤᠢ᠂ ᠤᠷᠤᠯᠭ᠎ᠠ ᠶᠢᠨ ᠢᠷᠡᠯᠳᠡ ᠴᠦᠬᠡᠨ᠂ ᠠᠵᠦ ᠦᠢᠯᠡᠰ ᠤᠨ ᠬᠦᠭᠵᠢᠯᠳᠡ ᠪᠠᠭᠤᠷᠠᠢ ᠪᠠᠶᠢᠭ᠎ᠠ ᠬᠦᠴᠢᠷᠳᠡᠯ ᠢ ᠰᠶᠢᠳᠪᠤᠷᠢᠯᠡᠭᠦ ᠶᠢᠨ ᠲᠦᠯᠦᠬᠡ᠂ ᠡᠨᠡ ᠵᠢᠯ ᠤᠳᠤᠭ ᠤᠨ ᠡᠮᠤᠨᠠᠳᠤ ᠬᠤᠰᠢᠭᠤᠨ ᠤ ᠪᠤᠷᠤᠪᠠᠯᠭᠠᠰᠤ ᠪᠠᠯᠭᠠᠰᠤ ᠶᠢᠨ ᠪᠠᠶᠠᠨᠰᠢᠯᠢ ᠭᠠᠴᠠᠭᠠᠨ ᠤ ᠨᠠᠮ ᠤᠨ ᠡᠭᠦᠷ ᠪᠤᠷᠤᠪᠠᠯᠭᠠᠰᠤ ᠪᠠᠯᠭᠠᠰᠤᠨ ᠤ ᠮᠢᠬᠠᠨ ᠦᠬᠡᠷ ᠤᠨ ᠦᠪᠡᠷᠮᠢᠴᠠ ᠤᠨᠴᠠᠯᠢᠬᠳᠤ ᠭᠤᠤᠯᠯᠠᠬᠤ ᠠᠵᠦ ᠦᠢᠯᠡᠰ ᠢ ᠶᠡᠭᠡ ᠪᠠᠷ ᠭᠦᠭᠵᠢᠭᠦᠯᠭᠦ ᠠᠵᠠ ᠲᠤᠭᠢᠶᠠᠯ ᠢ ᠡᠵᠡᠮᠳᠡᠵᠤ᠂ ᠭᠠᠳᠠᠭᠰᠢ ᠭᠠᠷᠴᠤ ᠪᠠᠶᠢᠴᠠᠭᠠᠨ ᠰᠤᠳᠤᠯᠤᠯᠳᠠ ᠬᠢᠵᠤ ᠰᠤᠷᠤᠯᠴᠠᠬᠤ᠂ ︽ᠲᠦᠷᠪᠡ ᠶᠢ ᠵᠦᠪᠯᠡᠵᠦ ᠬᠤᠶᠠᠷ ᠢ ᠢᠯᠡ ᠪᠤᠯᠭᠠᠬᠤ︾ ᠲᠡᠰ ᠲᠠᠷᠡᠭᠠᠯᠠᠯ ᠢᠶᠠᠷ ᠬᠠᠮᠳᠤ ᠪᠠᠷ ᠢᠶᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠭᠠᠴᠠᠭᠠᠨ ᠤ ᠤᠤᠯ ᠤᠨ ᠪᠠᠶᠢᠬᠰᠠᠨ ᠬᠠᠮᠳᠤ ᠶᠢᠨ ᠰᠤᠯᠠ ᠪᠠᠶᠢᠭ᠎ᠠ ᠪᠡᠯᠡ ᠮᠦᠡᠭᠬᠦ ᠶᠢ ᠭᠡᠷᠡᠭᠯᠡᠨ᠂ ᠰᠧᠮᠧᠨ᠋ᠲ᠋ᠠᠷ ᠦᠬᠡᠷ ᠬᠤᠳᠠᠯᠳᠤᠨ ᠠᠪᠴᠦ᠂ ᠲᠦᠷᠢᠶᠡᠰᠦᠯᠡᠬᠦ ᠵᠠᠭᠪᠤᠷ ᠢ ᠠᠰᠢᠬᠯᠠᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠭᠦ ᠪᠠᠷ ᠲᠤᠬᠳᠠᠬᠰᠠᠨ ᠪᠠᠶᠢᠨ᠎ᠠ᠃     ᠲᠡᠭᠡᠪᠡᠯ᠂ ᠮᠢᠬᠠᠨ ᠦᠬᠡᠷ ᠲᠦᠷᠢᠶᠡᠰᠦᠯᠡᠬᠦ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖ ᠪᠠᠶᠠᠨᠰᠢᠯᠢ ᠭᠠᠴᠠᠭᠠᠨ ᠤ ᠨᠠᠮ ᠤᠨ ᠡᠭᠦᠷ ᠤᠨ ᠱᠦᠵᠢ ᠲᠠᠪᠰᠢᠯᠳᠦ ᠶᠢᠨ ᠲᠠᠶᠢᠯᠪᠤᠷᠢᠯᠠᠬᠤ ᠪᠠᠷ ᠪᠤᠯ᠄ ᠭᠠᠴᠠᠭᠠᠨ ᠤ ᠬᠢ ᠲᠦᠷᠢᠶᠡᠰᠦᠯᠡᠬᠦ ᠵᠠᠭᠪᠤᠷ ᠢᠶᠠᠷ ᠬᠤᠪᠢ ᠡᠷᠦᠬᠡ ᠳᠤ ᠬᠤᠪᠢᠶᠠᠨ ᠲᠠᠭᠠᠭᠠᠴᠢᠯᠠᠭᠤᠯᠵᠤ᠂ ᠰᠠᠭᠤᠷᠢ ᠡᠭᠡ ᠮᠠᠯ ᠵᠢᠴᠢ ᠲᠤᠭᠤᠯ ᠢ ᠲᠡᠵᠢᠭᠡᠪᠤᠷᠢ ᠶᠢᠨ ᠡᠷᠦᠭᠡ ᠳᠤ ᠦᠮᠴᠢᠯᠡᠭᠦᠯᠵᠤ᠂ ᠲᠡᠵᠢᠭᠡᠪᠤᠷᠢ ᠶᠢᠨ ᠡᠷᠦᠬᠡ ᠵᠢᠯ ᠪᠦᠷᠢ ᠭᠠᠴᠠᠭᠠᠨ ᠳᠤ ᠦᠬᠡᠷ ᠨᠢᠭᠡ ᠪᠦᠷᠢ ᠳᠤ 1200 ᠲᠦᠭᠦᠷᠢᠭ ᠤᠨ ᠲᠦᠷᠢᠶᠡᠰᠦᠨ ᠮᠦᠡᠭᠬᠦ ᠲᠤᠰᠢᠶᠠᠵᠤ᠂ ᠭᠤᠷᠪᠠᠨ ᠵᠢᠯ ᠤᠨ ᠲᠠᠷᠠᠭ᠎ᠠ ᠲᠠᠬᠢᠨ ᠲᠤᠬᠠᠢ ᠶᠢᠨ ᠵᠢᠯ ᠤᠨ ᠦᠬᠡᠷ ᠬᠤᠳᠠᠯᠳᠤᠨ ᠠᠪᠤᠬᠰᠠᠨ ᠮᠦᠡᠭᠬᠦ ᠶᠢ ᠭᠠᠴᠠᠭᠠᠨ ᠳᠤ ᠪᠤᠴᠠᠭᠠᠨ ᠦᠭᠬᠦᠨ᠎ᠡ᠃ ᠭᠡᠷᠪᠡ ᠮᠠᠯᠴᠢᠨ ᠲᠠᠷᠢᠶᠠᠴᠢᠳ ᠨᠠᠷᠢᠨ ᠨᠢᠮᠪᠠᠢ ᠠᠷᠠᠴᠢᠯᠠᠨ ᠲᠡᠵᠢᠬᠡᠳᠡᠭ ᠯᠠ ᠶᠤᠮ ᠪᠤᠯ ᠨᠢᠬᠡ ᠦᠬᠡᠷ ᠨᠢ ᠬᠤᠶᠠᠷ ᠪᠤᠶᠤ ᠭᠤᠷᠪᠠ ᠪᠤᠯᠤᠨ ᠦᠷᠡᠵᠢᠵᠤ᠂ ᠲᠡᠵᠢᠭᠡᠪᠤᠷᠢ ᠶᠢᠨ ᠡᠷᠦᠬᠡ ᠨᠢ ᠴᠣ᠋ ᠲᠤᠤᠷ᠎ᠠ ᠦᠪᠡᠷ ᠤᠨ ᠦᠷᠳᠡᠭ ᠢᠶᠠᠷ ᠲᠡᠵᠢᠭᠡᠨ ᠦᠷᠡᠵᠢᠭᠦᠯᠭᠦ ᠶᠢ ᠪᠡᠶᠡᠯᠡᠭᠦᠯᠵᠤ᠂ ᠬᠠᠮᠳᠤ ᠶᠢᠨ ᠠᠵᠦ ᠠᠬᠤᠢ ᠲᠤᠭᠳᠠᠭᠤᠨ ᠢᠶᠠᠷ ᠨᠡᠮᠡᠭᠳᠡᠭᠦ ︽ᠬᠤᠤᠰ ᠦᠷ᠎ᠠ ᠠᠰᠢᠭ︾ ᠢ ᠭᠦᠷᠳᠡᠭᠦ ᠪᠤᠯᠤᠨ᠎ᠠ᠃ ᠡᠨᠡ ᠵᠢᠯ ᠪᠠᠶᠠᠨᠰᠢᠯᠢ ᠭᠠᠴᠠᠭ᠎ᠠ 43 ᠰᠧᠮᠧᠨ᠋ᠲ᠋ᠠᠷ ᠦᠬᠡᠷ ᠬᠤᠳᠠᠯᠳᠤᠨ ᠠᠪᠴᠦ᠂ ᠨᠡᠶᠢᠳᠡ 88.9 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ ᠰᠠᠭᠤᠷᠢ ᠡᠭᠡ ᠮᠠᠯ ᠪᠤᠯᠤᠨ ᠲᠤᠭᠤᠯ ᠪᠠᠭᠳᠠᠵᠤ ᠪᠤᠢ᠃ ᠲᠦᠰᠦᠪᠯᠡᠭᠰᠡᠨ ᠢᠶᠠᠷ ᠵᠢᠯ ᠤᠨ ᠡᠴᠦᠰ ᠪᠤᠯᠬᠤ ᠳᠤ᠂ ᠬᠠᠮᠳᠤ ᠶᠢᠨ ᠠᠵᠦ ᠠᠬᠤᠢ ᠶᠢᠨ ᠴᠡᠪᠡᠷ ᠠᠰᠢᠭ ᠬᠤᠨᠵᠢᠪᠤᠷᠢ 20 ᠲᠦᠮᠠᠨ ᠲᠦᠭᠦᠷᠢᠭ ᠢ ᠲᠠᠪᠠᠭ᠋ᠤ ᠪᠤᠯᠤᠨ᠎ᠠ᠃     ︽ᠮᠢᠬᠠᠨ ᠦᠭᠡᠷ ᠲᠦᠷᠢᠶᠡᠰᠦᠯᠡᠭᠦ ᠠᠷᠭ᠎ᠠ ᠪᠤᠯ ᠰᠠᠶᠢᠨ ᠠᠷᠭ᠎ᠠ ᠰᠢᠦ᠃ ᠦᠪᠡᠷ ᠢᠶᠠᠨ ᠮᠦᠡᠭᠬᠦ ᠭᠠᠷᠭᠠᠨ ᠨᠠᠰᠤᠨ ᠳᠤ ᠬᠦᠢᠴᠡᠭᠰᠡᠨ 1 ᠦᠬᠡᠷ ᠬᠤᠳᠠᠯᠳᠤᠨ ᠠᠪᠬᠤ ᠳᠤ ᠦᠪᠡᠷ ᠤᠨ ᠦᠷᠳᠡᠭ ᠲᠡᠩᠳᠡᠬᠦᠦ ᠦᠨᠳᠦᠷ᠂ ᠡᠶᠢᠮᠦᠷᠬᠦᠦ ᠬᠠᠮᠳᠤᠷᠠᠨ ᠠᠵᠢᠯᠯᠠᠬᠤ ᠬᠦᠭᠵᠢᠯᠳᠡ ᠶᠢᠨ ᠠᠷᠭ᠎ᠠ ᠮᠠᠶ᠋ᠢᠭ ᠨᠢ ᠬᠦᠴᠢᠷᠳᠡᠯ ᠢ ᠰᠶᠢᠳᠪᠦᠷᠢᠯᠡᠭᠰᠡᠨ ᠢᠶᠠᠷ ᠪᠠᠷᠠᠬᠤ ᠦᠬᠡᠢ ᠨᠢᠬᠡᠳᠦᠯᠳᠡᠢ ᠮᠠᠯ ᠤᠨ ᠡᠮ ᠡᠮᠨᠡᠯᠬᠡ᠂ ᠰᠢᠨᠵᠢᠯᠡᠭᠦ ᠤᠬᠠᠭᠠᠨᠴᠢ ᠲᠡᠵᠢᠬᠡᠨ ᠦᠷᠡᠵᠢᠬᠦᠯᠬᠦ ᠠᠷᠭ᠎ᠠ ᠵᠡᠷᠬᠡ ᠪᠦᠬᠦ ᠲᠠᠯ᠎ᠠ ᠶᠢᠨ ᠦᠢᠯᠡᠴᠢᠯᠡᠭᠡ ᠶᠢ ᠡᠩ ᠲᠡᠷᠢᠭᠦᠨ ᠳᠤ ᠭᠦᠷᠳᠡᠵᠤ ᠴᠢᠳᠠᠨ᠎ᠠ᠃ ᠲᠤᠰᠬᠠᠢ ᠮᠡᠷᠬᠡᠵᠢᠯᠳᠡᠨ ᠤ ᠵᠢᠯᠤᠭᠤᠳᠤᠯᠭ᠎ᠠ ᠲᠤᠤᠷ᠎ᠠ᠂ ᠪᠠᠭ᠎ᠠ ᠪᠡᠯᠡ ᠤᠷᠤᠭᠤᠯᠤᠨ᠂ ᠠᠰᠢᠭ ᠤᠷᠤᠯᠭ᠎ᠠ ᠲᠤᠬᠳᠠᠭᠤᠨ ᠪᠤᠯᠬᠤ ᠶᠢ ᠯᠠᠪᠳᠠᠢ ᠪᠡᠶᠡᠯᠡᠬᠦᠯᠵᠦ ᠴᠢᠳᠠᠨ᠎ᠠ︾ ᠬᠡᠵᠦ ᠪᠠᠶᠠᠨᠰᠢᠯᠢ ᠭᠠᠴᠠᠭᠠᠨ ᠤ ᠲᠡᠵᠢᠭᠡᠪᠤᠷᠢ ᠶᠢᠨ ᠲᠠᠭᠤᠷᠢᠶᠠᠯ ᠦᠵᠡᠬᠦᠯᠬᠦ ᠡᠷᠦᠬᠡ ᠵᠠᠩ ᠬᠠᠢ ᠪᠢᠨ ᠶᠠᠷᠢᠨ᠎ᠠ᠃    ᠤᠶᠢᠷ᠎ᠠ ᠶᠢᠨ ᠵᠢᠯ ᠠᠴᠠ ᠨᠠᠭᠠᠰᠢ᠂ ᠪᠤᠷᠤᠪᠠᠯᠭᠠᠰᠤ ᠪᠠᠯᠭᠠᠰᠤ ︽ᠨᠠᠮ ᠤᠨ ᠡᠭᠦᠷ + ᠲᠤᠰᠬᠠᠢ ᠬᠤᠷᠰᠢᠶᠠᠵᠢᠯ + ᠮᠠᠯᠴᠢᠨ ᠲᠠᠷᠢᠶᠠᠴᠢᠨ ᠡᠷᠦᠭᠡ︾᠂ ︽ᠨᠠᠮ ᠤᠨ ᠡᠭᠦᠷ + ᠠᠵᠦ ᠠᠬᠤᠶᠢᠯᠠᠯ + ᠮᠠᠯᠴᠢᠨ ᠲᠠᠷᠢᠶᠠᠴᠢᠨ ᠡᠷᠦᠬᠡ︾ ᠵᠡᠷᠬᠡ ᠤᠯᠠᠨ ᠵᠦᠢᠯ ᠤᠨ ᠴᠢᠯᠣᠬᠡᠳᠣ ᠰᠤᠩᠭᠤᠯᠳᠠ ᠶᠢᠨ ᠬᠡᠯᠪᠡᠷᠢ ᠶᠢ ᠢᠳᠡᠪᠬᠢᠳᠡᠢ ᠰᠦᠪᠡᠭᠴᠢᠯᠡᠨ ᠬᠡᠷᠡᠭᠵᠢᠬᠦᠯᠵᠦ᠂ ᠪᠦᠬᠦ ᠪᠠᠯᠭᠠᠰᠤᠨ ᠤ ᠮᠢᠬᠠᠨ ᠦᠬᠡᠷ ᠤᠨ ᠦᠪᠡᠷᠮᠢᠴᠠ ᠤᠨᠴᠠᠯᠢᠬᠳᠤ ᠭᠤᠤᠯᠯᠠᠬᠤ ᠠᠵᠤ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠷᠠᠭᠤᠯᠵᠤ᠂ ᠭᠠᠴᠠᠭᠠᠨ ᠤ ᠬᠠᠮᠳᠤ ᠶᠢᠨ ᠠᠵᠦ ᠠᠬᠤᠢ ᠶᠢ ᠪᠦᠳᠦᠮᠵᠢᠳᠠᠢ ᠬᠦᠭᠵᠢᠬᠦᠯᠦᠭᠰᠡᠨ ᠮᠦᠷᠳᠡᠭᠡᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠨᠡᠮᠡᠭᠳᠡᠬᠦᠯᠦᠨ ᠦᠷ᠎ᠡ ᠠᠰᠢᠭ ᠢ ᠲᠡᠭᠡᠭᠰᠢᠯᠡᠭᠦᠯᠭᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢ  ᠨᠡᠮᠡᠭᠳᠡᠬᠦᠯᠦᠨ ᠪᠠᠶᠠᠵᠢᠨ ᠴᠢᠨᠡᠭᠡᠯᠢᠭᠵᠢᠭᠦᠯᠭᠦ ᠶᠢ ᠲᠠᠶᠢᠴᠢᠯᠠᠵᠤ ᠪᠠᠶᠢᠨ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ