ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠰᠢ ᠶᠢᠨ ᠫᠢᠩ ᠶᠡᠷᠦᠩᠬᠡᠶ ᠱᠦᠵᠢ ᠶᠢᠨ ︽ᠨᠤᠲᠤᠭ ᠪᠡᠯᠴᠢᠭᠡᠷ ᠪᠠ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ | ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︾ ︽ᠭᠠᠯ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ︾ ᠭᠡᠬᠦ | ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ | ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠵᠢᠷᠤᠮᠵᠢᠭᠤᠯᠤᠯᠲᠠ᠂ ᠲᠤᠰᠬᠠᠶᠢᠵᠢᠯᠲᠠ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ | ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠳᠠᠶᠢᠴᠢᠨ ᠬᠦᠴᠦᠨ ᠪᠠ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠢ ᠶᠡᠷᠥᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ︽ᠣᠶ ᠰᠢᠭᠤᠶ ᠶᠢᠨ ᠭᠠᠯ ᠰᠡᠷᠭᠡᠶᠢᠯᠡᠬᠦ | ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 541 ᠳ᠋ᠦ᠋ᠭᠡᠷ ᠲᠣᠭᠠᠲᠤ ᠵᠠᠷᠯᠢᠭ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︵ | ᠲᠥᠷᠥ ᠶᠢᠨ ᠶᠠᠪᠤᠳᠠᠯ ᠤᠨ ᠬᠤᠷᠢᠶ᠎ᠠ ᠶᠢᠨ 542 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ | ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ | ᠬᠤᠲᠠ ᠶᠢᠨ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ | ᠱᠠᠭᠠᠷᠳᠠᠯᠭ᠎ᠠ ᠳᠤ ᠰᠠᠭᠤᠷᠢᠯᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ ᠬᠤᠲᠠ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠡᠳᠦᠭᠡ ᠳᠣᠤᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠴᠢᠩᠭᠠᠳᠬᠠᠬᠤ ᠲᠤᠬᠠᠢ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ︽ᠡᠩᠨᠡᠭᠡ ᠨᠢ ᠰᠢᠯᠢᠳᠡᠭ ᠱᠠᠯᠠᠮᠠᠭᠠᠢ᠂ ᠬᠡᠪ ᠴᠢᠨᠠᠷ ᠢᠶᠠᠷ | ᠥᠨᠳᠥᠷ᠂ ᠲᠣᠨᠤᠭ ᠲᠥᠬᠦᠭᠡᠷᠦᠮᠵᠢ ᠭᠦᠢᠴᠡᠳ᠂ ᠪᠠᠲᠤᠯᠠᠭ᠎ᠠ ᠬᠦᠴᠦᠨᠲᠡᠢ ᠪᠠᠶᠢᠬᠤ︾ ᠱᠠᠭᠠᠷᠳᠠᠯᠭ᠎ᠠ ᠶᠣᠰᠣᠭᠠᠷ ᠮᠠᠨ ᠤ ᠬᠤᠲᠠ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠪᠣᠳᠠᠲᠤ ᠪᠠᠶᠢᠯᠳᠤᠭᠠᠨᠴᠢᠯᠠᠭᠰᠠᠨ ᠪᠣᠯᠪᠠᠰᠤᠷᠠᠯ᠂ | ᠵᠢᠷᠤᠮᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠰᠢᠢᠳᠪᠦᠷᠢᠯᠡᠬᠦ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠣᠷᠳᠣᠰ ᠤᠨ ᠰᠡᠷᠭᠡᠶᠢᠯᠡᠯᠲᠡ ᠶᠢᠨ ᠱᠤᠭᠤᠮ ᠤᠨ ᠲᠣᠭᠲᠠᠭᠤᠨ | ᠪᠥᠭᠡᠳ ᠪᠠᠲᠤ ᠪᠠᠬᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠦᠨᠳᠦᠰᠦᠨ ᠵᠠᠷᠴᠢᠮ | — — ᠨᠢᠭᠡᠳᠦᠯᠲᠡᠶ ᠲᠥᠯᠥᠪᠵᠢᠭᠦᠯᠵᠦ᠂ ᠬᠡᠷᠡᠭᠴᠡᠭᠡ ᠶᠢ ᠦᠨᠳᠦᠰᠦᠯᠡᠨ ᠬᠥᠭᠵᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠲᠠᠷᠬᠠᠯᠲᠠ ᠪᠠ ᠭᠠᠯ ᠤᠨ ᠠᠶᠤᠯ ᠤᠨ ᠪᠠᠶᠢᠳᠠᠯ ᠢ ᠦᠨᠳᠦᠰᠦᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠠᠶᠤᠯ ᠤᠨ ᠪᠠᠶᠢᠳᠠᠯ ᠳᠤᠨᠢ | ᠲᠣᠬᠢᠷᠠᠭᠤᠯᠤᠨ ᠰᠡᠷᠭᠡᠶᠢᠯᠡᠯᠲᠡ ᠪᠠᠶᠢᠷᠢᠯᠠᠭᠤᠯᠵᠤ᠂ ᠬᠡᠷᠡᠭᠴᠡᠭᠡ ᠶᠢᠨ ᠪᠠᠶᠢᠳᠠᠯ ᠳᠤᠨᠢ ᠲᠣᠬᠢᠷᠠᠭᠤᠯᠤᠨ ᠪᠠᠶᠢᠭᠤᠯᠵᠤ᠂ ᠭᠠᠯ ᠰᠡᠷᠭᠡᠶᠢᠯᠡᠬᠦ ᠬᠡᠷᠡᠭᠴᠡᠭᠡ ᠱᠠᠭᠠᠷᠳᠠᠯᠭ᠎ᠠ ᠳᠤ | ᠲᠣᠬᠢᠷᠠᠭᠰᠠᠨ᠂ ᠪᠠᠶᠢᠷᠢᠰᠢᠯ ᠨᠢ ᠵᠦᠶ ᠵᠣᠬᠢᠰᠲᠠᠶ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | — — ᠲᠤᠰᠬᠠᠶᠢᠵᠢᠭᠤᠯᠬᠤ ᠪᠠᠷ ᠭᠤᠣᠯ ᠪᠣᠯᠭᠠᠵᠤ᠂ ᠲᠤᠰᠬᠠᠶᠢᠵᠢᠭᠰᠠᠨ ᠪᠠ ᠤᠯᠠᠨ ᠲᠦᠮᠡᠨᠴᠢ ᠴᠢᠨᠠᠷ ᠢ ᠤᠶᠠᠯᠳᠤᠭᠤᠯᠤᠨ᠎ᠠ᠃ ᠲᠤᠰᠬᠠᠶ ᠡᠩᠨᠡᠭᠡ ᠶᠢᠨ | ᠪᠠᠶᠢᠭᠤᠯᠤᠯᠲᠠ ᠶᠢ ᠣᠷᠣᠨ ᠪᠦᠰᠡ᠂ ᠲᠥᠷᠥᠯ ᠢᠯᠭᠠᠯ ᠬᠤᠪᠢᠶᠠᠨ ᠭᠤᠤᠯᠳᠠᠯᠭ᠎ᠠ ᠲᠠᠢ ᠠᠬᠢᠭᠤᠯᠵᠤ᠂ ᠡᠯ᠎ᠡ ᠲᠥᠷᠥᠯ ᠤᠨ ᠬᠠᠭᠠᠰ ᠲᠤᠰᠬᠠᠶᠢᠵᠢᠭᠰᠠᠨ ᠪᠠ ᠣᠯᠠᠨ | ᠲᠦᠮᠡᠨᠴᠢ ᠴᠢᠨᠠᠷᠲᠠᠶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠡᠩᠨᠡᠭᠡ ᠪᠠᠷ ᠭᠤᠤᠯ ᠴᠣᠭᠴᠠ ᠪᠣᠯᠭᠠᠭᠰᠠᠨ ᠬᠠᠭᠠᠰ ᠲᠤᠰᠬᠠᠶᠢᠵᠢᠭᠰᠠᠨ ᠪᠠ | ᠣᠯᠠᠨ ᠲᠦᠮᠡᠨᠴᠢ ᠴᠢᠨᠠᠷᠲᠠᠶ ᠡᠩᠨᠡᠭᠡ ᠶᠢ ᠬᠠᠷᠢᠯᠴᠠᠨ ᠤᠶᠠᠯᠳᠤᠭᠤᠯᠤᠭᠰᠠᠨ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | — — ᠬᠠᠮᠠᠭᠠᠯᠠᠬᠤ ᠪᠠ ᠰᠡᠷᠭᠡᠶᠢᠯᠡᠬᠦ ᠶᠢ ᠤᠶᠠᠯᠳᠤᠭᠤᠯᠵᠤ᠂ ᠡᠩ ᠤᠨ ᠦᠶ᠎ᠡ ᠪᠠ ᠲᠠᠶᠢᠨ ᠤ ᠦᠶ᠎ᠡ ᠶᠢ ᠬᠤᠣᠰᠯᠠᠭᠤᠯᠤᠨᠠ᠃ ᠣᠶ ᠰᠢᠭᠤᠶ ᠶᠢ | ᠲᠣᠭᠤᠷᠢᠨ ᠬᠠᠮᠠᠭᠠᠯᠠᠬᠤ᠂ ᠡᠳᠦᠷ ᠲᠤᠲᠤᠮ ᠤᠨ ᠲᠡᠶᠢᠨ ᠤ ᠪᠡᠯᠡᠳᠬᠡᠯ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠲᠡᠶᠢᠨ ᠤ ᠪᠡᠯᠡᠳᠬᠡᠯ ᠢᠶᠠᠷ ᠳᠠᠶᠢᠴᠢᠯᠠᠬᠤ᠂ ᠬᠡᠮ | ᠰᠣᠭᠤᠭ ᠢ ᠵᠢᠭᠰᠠᠭᠠᠨ ᠪᠠᠶᠢᠴᠠᠭᠠᠬᠤ᠂ ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠲᠤᠬᠠᠢ ᠶᠢᠨ ᠭᠠᠵᠠᠷ ᠲᠤᠨᠢ ᠰᠠᠬᠢᠨ ᠰᠠᠭᠤᠬᠤ᠂ ᠭᠠᠯ ᠰᠡᠷᠭᠡᠶᠢᠯᠡᠬᠦ | ᠪᠠᠶᠢᠴᠠᠭᠠᠯᠲᠠ᠂ ᠤᠬᠠᠭᠤᠯᠭ᠎ᠠ ᠬᠥᠮᠦᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠡᠷᠲᠡ ᠰᠢᠢᠳᠪᠦᠷᠢᠯᠡᠬᠦ ᠪᠠ ᠭᠠᠯ ᠢ | ᠰᠡᠷᠭᠡᠶᠢᠯᠡᠨ ᠤᠨᠲᠠᠷᠠᠭᠠᠬᠤ ᠵᠡᠷᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠯ ᠲᠠᠢ ᠪᠣᠯ ᠭᠠᠯ ᠢ ᠤᠨᠲᠠᠷᠠᠭᠠᠬᠤ᠂ ᠭᠠᠯ ᠥᠬᠡᠶ ᠪᠠᠷ ᠭᠠᠯ ᠢ ᠰᠡᠷᠭᠡᠶᠢᠯᠡᠬᠦ | ︾ ᠲᠣᠭᠤᠷᠢᠨ ᠰᠡᠷᠭᠡᠶᠢᠯᠡᠬᠦ ᠲᠡᠶᠢᠨ ᠤ ᠪᠡᠯᠡᠳᠬᠡᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃ | ︵ᠭᠤᠷᠪᠠ︶ ᠪᠥᠳᠥᠭᠡᠨ ᠪᠠᠶᠢᠭᠤᠯᠬᠤ ᠬᠠᠷᠠᠯᠲᠠ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ | ᠪᠦᠷᠢᠨᠰᠢᠭᠦᠯᠬᠦ ᠪᠠᠷ ᠬᠠᠷᠠᠯᠲᠠ ᠪᠣᠯᠭᠠᠵᠤ᠂ ︽ᠬᠤᠲᠠ ᠶᠢᠨ ᠲᠣᠰ ᠱᠠᠲᠤᠨ ᠤ ᠬᠢᠨ ᠬᠥᠳᠡᠯᠦᠩᠭᠦᠶ ᠪᠠᠷ ᠲᠤᠰᠠᠯᠠᠬᠤ᠂ ᠬᠤᠰᠢᠭᠤ ᠲᠣᠭᠤᠷᠢᠭ ᠤᠨ ᠲᠣᠰ ᠱᠠᠲᠤᠨ ᠤ | ᠬᠢᠨ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ᠂ ᠰᠤᠮᠤ ᠰᠢᠶᠠᠩ ᠪᠠᠯᠭᠠᠰᠤ ᠶᠢᠨ ᠬᠢᠨ ᠣᠯᠠᠨ ᠢᠶᠠᠷ ᠢᠶᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ︾ ᠶᠡᠷᠦᠩᠬᠡᠶ | ᠪᠥᠲᠥᠭᠡᠨ ᠪᠠᠶᠢᠭᠤᠯᠤᠯᠲᠠ ᠶᠢᠨ ᠰᠡᠳᠬᠢᠴᠡ ᠶᠣᠰᠣᠭᠠᠷ᠂ ᠪᠥᠬᠦ ᠬᠤᠲᠠ ᠶᠢᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 2023 ᠣᠨ ᠪᠣᠯᠬᠤ ᠳᠤ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠳᠠᠯᠠᠳ | ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠦᠰᠢᠨ ᠬᠤᠰᠢᠭᠤ ᠪᠣᠯᠤᠨ ᠬᠠᠩᠭᠢᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠬᠤᠲᠠ ᠶᠢᠨ ᠲᠣᠰ | ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠥᠳᠡᠯᠥᠩᠭᠦᠢ ᠪᠡᠯᠡᠳᠬᠡᠯ ᠠᠩᠭᠢ ᠶᠢ ᠪᠠᠶᠢᠭᠤᠯᠤᠨ᠎ᠠ︔ | 2024 ᠣᠨ ᠪᠣᠯᠬᠤ ᠳᠤ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠪᠠ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠶᠢᠨ ᠲᠤᠰᠬᠠᠶ | ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠣᠶ ᠰᠢᠭᠤᠶ ᠨᠤᠲᠤᠭ ᠪᠡᠯᠴᠢᠭᠡᠷ ᠢᠶᠠᠷ ᠭᠤᠤᠯ ᠴᠣᠭᠴᠠ ᠪᠣᠯᠭᠠᠭᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠨᠥᠬᠦᠴᠡᠯ ᠪᠥᠷᠢᠳᠦᠭᠰᠡᠨ ᠣᠶ ᠰᠢᠭᠤᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ ᠶᠢᠨ ᠭᠠᠯ ᠲᠦᠢᠮᠡᠷ ᠢ | ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶ ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ︔ 2025 ᠣᠨ | ᠪᠣᠯᠬᠤ ᠳᠤ ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠥᠳᠡᠯᠥᠩᠭᠦᠢ ᠪᠡᠯᠡᠳᠬᠡᠯ | ᠠᠩᠭᠢ᠂ ᠬᠤᠰᠢᠭᠤ ᠲᠣᠭᠤᠷᠢᠭ ᠤᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ | ᠡᠩᠨᠡᠭᠡ ᠪᠠᠷ ᠭᠤᠤᠯ ᠴᠣᠭᠴᠠ ᠪᠣᠯᠭᠠᠵᠤ᠂ ᠰᠤᠮᠤ ᠰᠢᠶᠠᠩ ᠪᠠᠯᠭᠠᠰᠤ ᠵᠡᠷᠭᠡ ᠬᠠᠭᠠᠰ ᠲᠤᠰᠬᠠᠶᠢᠵᠢᠭᠰᠠᠨ ᠡᠩᠨᠡᠭᠡ ᠪᠠ ᠭᠠᠴᠠᠭ᠎ᠠ ᠲᠣᠰᠬᠤᠨ ᠤ ᠣᠯᠠᠨ ᠲᠦᠮᠡᠨᠴᠢ | ᠴᠢᠨᠠᠷᠲᠠᠶ ᠡᠩᠨᠡᠭᠡ ᠶᠢ ᠬᠠᠷᠢᠯᠴᠠᠨ ᠤᠶᠠᠯᠳᠤᠭᠤᠯᠤᠭᠰᠠᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠣᠭᠲᠠᠯᠴᠠᠭ᠎ᠠ ᠶᠢ ᠦᠨᠳᠦᠰᠦᠨ ᠳᠡᠭᠡᠨ | ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠡᠷᠲᠡ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠬᠤᠶᠠᠷ᠂ ᠡᠩᠨᠡᠭᠡᠨ ᠤ ᠲᠥᠷᠥᠯ ᠢᠯᠭᠠᠯ ᠪᠠ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ | ︵ᠨᠢᠭᠡ︶ ᠡᠩᠨᠡᠭᠡᠨ ᠤ ᠲᠦᠷᠦᠯ ᠢᠯᠭᠠᠯ | 1. ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ᠃ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠠᠶᠤᠯ ᠢ ᠰᠡᠷᠭᠡᠶᠢᠯᠡᠬᠦ ᠪᠠ ᠰᠢᠢᠳᠪᠦᠷᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠭᠤᠤᠯ ᠪᠣᠯᠭᠠᠵᠤ | ᠂ ︽ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠭᠰᠡᠨ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ᠂ ᠪᠣᠯᠪᠠᠰᠤᠷᠠᠯ ᠰᠠᠶᠢᠲᠠᠶ᠂ ᠬᠠᠮᠢᠶᠠᠷᠤᠯᠲᠠ | ᠵᠢᠷᠤᠮᠵᠢᠯ ᠲᠠᠢ᠂ ᠲᠣᠨᠤᠭ ᠲᠥᠬᠦᠭᠡᠷᠦᠮᠵᠢ ᠪᠦᠷᠢᠨ ᠰᠠᠶᠢᠨ᠂ ᠲᠦᠷᠭᠡᠨ ᠲᠤᠰᠬᠠᠯᠲᠠ ᠬᠢᠬᠦ᠂ ᠪᠠᠶᠢᠯᠳᠤᠬᠤ ᠳᠠᠭᠠᠨ ᠴᠢᠳᠠᠮᠠᠭᠠᠶ︾ ᠪᠠᠶᠢᠬᠤ ᠱᠠᠭᠠᠷᠳᠠᠯᠭ᠎ᠠ ᠶᠣᠰᠣᠭᠠᠷ | ᠡᠩᠨᠡᠭᠡ ᠪᠠᠶᠢᠭᠤᠯᠵᠤ᠂ ᠨᠡᠯᠢᠶᠡᠳ ᠪᠦᠷᠢᠨ ᠲᠡᠭᠦᠯᠳᠡᠷ ᠬᠠᠲᠠᠭᠤ ᠲᠣᠨᠤᠭ ᠲᠥᠬᠦᠭᠡᠷᠦᠮᠵᠢ ᠪᠠ ᠭᠠᠯ ᠤᠨᠲᠠᠷᠠᠭᠠᠬᠤ ᠮᠠᠰᠢᠨ ᠪᠠᠭᠠᠵᠢ ᠲᠣᠨᠣᠭᠯᠠᠯ ᠲᠠᠢ ᠪᠠᠶᠢᠵᠤ᠂ | ᠠᠵᠢᠯᠲᠠᠨ ᠬᠠᠷᠢᠴᠠᠩᠭᠤᠶ ᠲᠣᠭᠲᠠᠪᠤᠷᠢᠲᠠᠶ᠂ ᠲᠣᠭᠲᠠᠪᠤᠷᠢᠲᠠᠶ ᠵᠠᠷᠤᠳᠠᠯ ᠲᠠᠢ ᠪᠠᠶᠢᠬᠤ ᠬᠡᠷᠡᠭᠲᠡᠢ᠃ ᠭᠠᠯ ᠰᠡᠷᠭᠡᠶᠢᠯᠡᠬᠦ ᠬᠤᠭᠤᠴᠠᠭᠠᠨ ᠳᠤ ᠲᠤᠬᠠᠢ ᠶᠢᠨ ᠭᠠᠵᠠᠷ ᠲᠤᠨᠢ | ᠰᠠᠬᠢᠨ ᠰᠠᠭᠤᠬᠤ᠂ ᠲᠥᠪᠯᠡᠷᠡᠭᠦᠯᠦᠨ ᠢᠳᠡᠭᠦᠯᠵᠦ ᠰᠠᠭᠤᠯᠭᠠᠬᠤ᠂ ᠴᠡᠷᠡᠭᠵᠢᠭᠦᠯᠦᠨ ᠬᠠᠮᠢᠶᠠᠷᠬᠤ ᠶᠢ ᠬᠡᠷᠡᠭᠵᠢᠭᠦᠯᠵᠦ᠂ ᠶᠡᠭᠡ ᠰᠠᠯᠬᠢ᠂ ᠥᠨᠳᠥᠷ ᠳᠤᠯᠠᠭᠠᠨ᠂ | ᠦᠷᠭᠦᠯᠵᠢᠯᠡᠭᠰᠡᠨ ᠭᠠᠩ ᠬᠠᠭᠰᠠᠷᠠᠭᠠᠨ ᠵᠡᠷᠭᠡ ᠭᠠᠯ ᠤᠨ ᠠᠶᠤᠯ ᠶᠡᠬᠡᠲᠡᠢ ᠴᠠᠭ ᠠᠭᠤᠷ ᠲᠤ ᠪᠥᠬᠦ ᠡᠳᠦᠷ ᠢᠶᠠᠷ ᠢᠶᠠᠨ ᠪᠠᠶᠢᠯᠳᠤᠭᠠᠨ ᠤ ᠪᠠᠶᠢᠳᠠᠯ ᠳᠤ ᠪᠠᠶᠢᠬᠤ ᠶᠢ | ᠪᠠᠲᠤᠯᠠᠵᠤ᠂ ᠪᠥᠬᠦ ᠴᠠᠭ ᠢᠶᠠᠷ ᠰᠡᠷᠡᠮᠵᠢᠯᠡᠨ ᠳᠠᠭᠠᠯᠲᠠ ᠬᠢᠬᠦ ᠶᠢ ᠪᠠᠲᠤᠯᠠᠨ᠎ᠠ᠃ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠬᠠᠮᠠᠭᠠᠯᠠᠬᠤ᠂ ᠤᠬᠠᠭᠤᠯᠬᠤ᠂ | ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠭᠦᠷᠭᠡ ᠶᠢ ᠭᠦᠢᠴᠡᠳᠭᠡᠬᠦ ᠶᠢ ᠡᠳᠦᠷ | ᠲᠣᠲᠣᠮ ᠬᠠᠷᠢᠭᠤᠴᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠤᠰᠤ ᠬᠤᠭᠤᠴᠠᠭᠠᠨ ᠳᠤ ᠬᠡᠷᠡᠭᠴᠡᠭᠡ ᠪᠠᠨ ᠦᠨᠳᠦᠰᠦᠯᠡᠨ ᠣᠶ ᠰᠢᠭᠤᠶ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ᠂ ᠦᠢᠯᠡᠳᠪᠦᠷᠢᠯᠡᠯ ᠡᠵᠡᠩᠨᠡᠯᠲᠡ ᠵᠡᠷᠭᠡ ᠠᠵᠢᠯ ᠢ ᠡᠷᠭᠢᠯᠡᠨ᠎ᠡ᠃ ᠬᠤᠲᠠ ᠬᠤᠰᠢᠭᠤ ᠬᠤᠶᠠᠷ | ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠠᠮᠢᠶᠠᠷᠤᠨ᠎ᠠ᠃ | 2. ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠭᠤᠤᠯ ᠪᠣᠯᠭᠠᠵᠤ᠂ ᠰᠡᠷᠭᠡᠶᠢᠯᠡᠬᠦ ᠪᠠᠷ ᠬᠠᠪᠰᠤᠷᠤᠮᠵᠢ ᠪᠣᠯᠭᠠᠨ᠎ᠠ᠃ ᠵᠢᠯ ᠪᠦᠷᠢ ᠵᠣᠬᠢᠬᠤ | ᠬᠤᠭᠤᠴᠠᠭᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠵᠦ᠂ ᠵᠣᠬᠢᠶᠠᠨ ᠪᠠᠶᠢᠭᠤᠯᠤᠯᠲᠠ ᠲᠠᠢ᠂ ᠪᠠᠲᠤᠯᠠᠭ᠎ᠠ ᠲᠠᠢ᠂ ᠠᠵᠢᠯᠲᠠᠨ ᠬᠠᠷᠢᠴᠠᠩᠭᠤᠶ ᠲᠥᠪᠯᠡᠷᠡᠵᠦ᠂ | ᠨᠡᠯᠢᠶᠡᠳ ᠰᠠᠶᠢᠨ ᠭᠠᠯ ᠤᠨᠲᠠᠷᠠᠭᠠᠬᠤ ᠮᠡᠷᠭᠡᠵᠢᠯ ᠪᠠ ᠲᠣᠨᠤᠭ ᠲᠥᠬᠦᠭᠡᠷᠦᠮᠵᠢ ᠲᠠᠢ ᠪᠠᠶᠢᠬᠤ ᠬᠡᠷᠡᠭᠲᠡᠢ᠃ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠪᠤᠶᠤ ᠭᠠᠯ | ᠬᠤᠷᠢᠭᠠᠲᠠᠶ ᠬᠤᠭᠤᠴᠠᠭᠠᠨ ᠳᠤ ᠲᠥᠪᠯᠡᠷᠡᠭᠦᠯᠦᠨ ᠢᠳᠡᠭᠦᠯᠵᠦ ᠰᠠᠭᠤᠯᠭᠠᠵᠤ᠂ ᠴᠡᠷᠢᠭᠵᠢᠭᠦᠯᠦᠨ ᠬᠠᠮᠢᠶᠠᠷᠤᠨ᠎ᠠ᠃ ᠠᠵᠢᠯᠲᠠᠨ ᠢ ᠤᠯᠤᠰ ᠤᠨ ᠥᠮᠴᠢᠯᠡᠯᠲᠦ ᠣᠶ | ᠰᠢᠭᠤᠶ ᠶᠢᠨ ᠲᠠᠯᠠᠪᠠᠶ ︵ᠡᠯᠡᠰᠦ ᠵᠠᠰᠠᠬᠤ ᠥᠷᠲᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠯᠤᠰ ᠤᠨ ᠴᠡᠴᠡᠷᠯᠢᠭ ᠵᠡᠷᠭᠡ ᠣᠶ ᠰᠢᠭᠤᠶ ᠨᠤᠲᠤᠭ | ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠺᠠᠳ᠋ᠷ ᠠᠵᠢᠯᠲᠠᠨ᠂ ᠣᠶ ᠰᠢᠭᠤᠶ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯᠲᠠᠨ ᠪᠠ | ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠂ ᠪᠡᠯᠡᠳᠬᠡᠯ ᠠᠯᠪᠠ ᠶᠢᠨ ᠳᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠪᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠡᠷᠭᠡ ᠪᠠᠷ ᠪᠦᠷᠢᠯᠳᠦᠭᠦᠯᠦᠨ᠎ᠡ᠃ ᠤᠯᠤᠰ ᠤᠨ | ᠥᠮᠴᠢᠯᠡᠯᠳᠤ ᠤᠢ ᠰᠢᠭᠤᠶ ᠶᠢᠨ ᠲᠠᠯᠠᠪᠠᠢ ︵ᠡᠯᠡᠰᠦ ᠵᠠᠰᠠᠬᠤ ᠦᠷᠳᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠤᠢ | ᠰᠢᠭᠤᠶ ᠶᠢᠨ ᠴᠡᠴᠡᠷᠯᠢᠭ᠂ ᠠᠮᠢ ᠠᠬᠤᠶ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠤᠢ ᠰᠢᠭᠤᠶ ᠶᠢᠨ ᠵᠠᠬ᠎ᠠ ᠬᠢᠵᠠᠭᠠᠷ ᠤᠨ ᠣᠷᠣᠨ᠂ ᠪᠠᠶᠢᠭᠤᠯᠵᠤ ᠪᠠᠶᠢᠭ᠎ᠠ | ᠪᠠᠷᠢᠯᠭ᠎ᠠ ᠵᠡᠷᠭᠡ ᠬᠦᠮᠦᠨ ᠣᠯᠠᠨᠲᠠᠢ ᠴᠢᠬᠤᠯᠠ ᠭᠠᠵᠠᠷ ᠲᠠᠯᠠᠪᠤᠷ ᠪᠣᠯᠤᠨ ᠭᠤᠣᠯᠳᠠᠯᠭ᠎ᠠ ᠲᠠᠢ ᠬᠡᠰᠡᠭ ᠤᠨ ᠭᠠᠯ ᠤᠨ ᠠᠶᠤᠯ ᠤᠨ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠡᠳᠦᠷ ᠲᠤᠲᠤᠮ ᠬᠠᠷᠢᠭᠤᠴᠠᠵᠤ᠂ ᠬᠤᠯᠪᠣᠭᠳᠠᠯ ᠪᠥᠬᠦᠢ ᠨᠢᠭᠡᠴᠡ ᠳᠤ ᠬᠠᠷᠢᠭᠤ ᠲᠤᠰᠬᠠᠬᠤ ᠶᠢᠨ ᠬᠠᠮᠲᠤ ᠲᠡᠳᠡᠨ ᠢ | ᠵᠢᠯᠣᠭᠤᠳᠴᠤ ᠪᠠᠶᠢᠭᠠᠳ ᠠᠰᠠᠭᠤᠳᠠᠯ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠯᠭᠡᠨ᠎ᠡ᠃ ᠭᠠᠯ ᠲᠦᠢᠮᠡᠷ ᠤᠨ ᠪᠠᠶᠢᠳᠠᠯ ᠤᠨ ᠡᠭᠦᠷᠭᠡ ᠶᠢ | ᠬᠥᠯᠢᠶᠡᠨ ᠠᠪᠤᠭᠰᠠᠨ ᠤ ᠲᠠᠷᠠᠭ᠎ᠠ ᠳᠠᠷᠤᠶ ᠳᠤᠨᠢ ᠲᠤᠬᠠᠶ ᠶᠢᠨ ᠲᠠᠯᠠᠪᠠᠢ ᠳᠤ ᠬᠦᠷᠴᠦ ᠠᠩᠬᠠᠨ ᠤ ᠬᠤᠭᠤᠴᠠᠭᠠᠨ ᠤ ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ | ᠬᠠᠮᠲᠤ ᠲᠤᠰᠬᠠᠶ ᠠᠵᠢᠯ ᠤᠨ ᠡᠩᠨᠡᠭᠡ ᠶᠢ ᠬᠠᠪᠰᠤᠷᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠬᠤᠰᠢᠭᠤ | ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ | ᠵᠡᠷᠭᠡ ᠠᠴᠠ ᠬᠠᠷᠢᠭᠤᠴᠠᠨ ᠬᠠᠮᠢᠶᠠᠷᠤᠨ᠎ᠠ᠃ | 3. ᠤᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠤᠯᠠᠨ ᠲᠦᠮᠡᠨᠴᠢ ᠴᠢᠨᠠᠷᠲᠠᠶ ᠡᠩᠨᠡᠭᠡ᠃ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ᠂ ᠠᠵᠢᠯᠳᠠᠨ ᠵᠢᠴᠢ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠳ ᠤᠨ ᠳᠣᠲᠣᠷᠠᠬᠢ ᠵᠠᠯᠠᠭᠤ | ᠢᠳᠡᠷᠴᠦᠳ ᠢᠶᠠᠷ ᠭᠤᠣᠯ ᠪᠣᠯᠭᠠᠵᠤ᠂ ᠴᠢᠬᠤᠯᠠ ᠪᠥᠬᠦᠢ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠠ ᠠᠶᠤᠯᠭᠦᠢ ᠶᠢᠨ ᠮᠡᠳᠡᠯᠭᠡ ᠶᠢᠨ | ᠪᠣᠯᠪᠠᠰᠤᠷᠠᠯ ᠢᠶᠠᠷ ᠳᠠᠮᠵᠢᠭᠤᠯᠵᠤ᠂ ᠴᠢᠬᠤᠯᠠ ᠪᠥᠬᠦᠢ ᠭᠠᠯ ᠤᠨᠲᠠᠷᠠᠭᠠᠬᠤ ᠮᠠᠰᠢᠨ ᠪᠠᠭᠠᠵᠢ ᠪᠣᠯᠤᠨ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ ᠶᠢ | ᠲᠦᠬᠦᠷᠵᠢᠭᠦᠯᠦᠭᠰᠡᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠪᠣᠯᠤᠨ᠎ᠠ᠃ ᠭᠤᠣᠯᠳᠠᠭᠤ ᠤᠢ ᠰᠢᠭᠤᠶ ᠨᠤᠲᠤᠭ ᠪᠡᠯᠴᠢᠭᠡᠷ ᠤᠨ ᠠᠩᠬᠠᠨ ᠤ | ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠪᠠ ᠭᠠᠯ ᠤᠨᠲᠠᠷᠠᠭᠠᠬᠤ ᠳᠤ ᠵᠠᠮ ᠳᠠᠭᠠᠭᠤᠯᠬᠤ᠂ ᠭᠠᠯ ᠤᠨᠲᠠᠷᠠᠭᠠᠬᠤ ᠪᠠᠷᠠᠭ᠎ᠠ ᠲᠡᠭᠡᠭᠡᠪᠦᠷᠢᠯᠡᠬᠦ᠂ ᠠᠷᠤ ᠲᠠᠯ᠎ᠠ ᠶᠢᠨ | ᠦᠢᠯᠡᠴᠢᠯᠡᠭᠡᠨ ᠬᠠᠩᠭᠠᠬᠤ᠂ ᠭᠠᠯ ᠲᠦᠢᠮᠡᠷ ᠤᠨ ᠲᠠᠯᠠᠪᠠᠢ ᠶᠢ ᠴᠡᠪᠡᠷᠯᠡᠬᠦ ᠪᠠ ᠰᠠᠬᠢᠬᠤ ᠳᠤ ᠣᠷᠣᠯᠴᠠᠬᠤ ᠵᠡᠷᠭᠡ ᠡᠭᠦᠷᠭᠡ ᠶᠢ ᠡᠭᠦᠷᠭᠡᠯᠡᠨ᠎ᠡ᠃ ᠬᠠᠮᠢᠶ᠎ᠠ ᠪᠥᠬᠦᠶ ᠣᠶ | ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠠ ᠭᠠᠴᠠᠭ᠎ᠠ ᠲᠣᠰᠬᠤᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠠᠮᠢᠶᠠᠷᠤᠨ᠎ᠠ᠃ | 4. ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠡᠯᠡᠳᠬᠡᠯ ᠠᠩᠭᠢ᠃ | ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠨᠢ ᠭᠠᠯ | ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠤᠬᠠᠭᠤᠯᠬᠤ᠂ ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠵᠡᠷᠭᠡ ᠡᠩ ᠤᠨ ᠡᠭᠦᠷᠭᠡ ᠶᠢ ᠡᠭᠦᠷᠭᠡᠯᠡᠬᠦ ᠠᠴᠠ ᠭᠠᠳᠠᠨ᠎ᠠ᠂ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠬᠤᠰᠢᠭᠤ ᠲᠣᠭᠤᠷᠢᠭ ᠢ ᠬᠠᠮᠵᠢᠨ | ᠭᠤᠤᠯᠳᠠᠯᠭ᠎ᠠ ᠲᠠᠢ ᠣᠷᠣᠨ ᠪᠦᠰᠡ ᠳᠤ ᠰᠠᠬᠢᠨ ᠰᠠᠭᠤᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢ ᠥᠷᠨᠢᠭᠦᠯᠦᠨ᠎ᠡ᠃ ᠬᠤᠳᠠ ᠶᠢᠨ ᠤᠢ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠤᠨ᠎ᠠ᠃ | ︵ᠬᠤᠶᠠᠷ︶ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ | 1. ᠡᠩᠨᠡᠭᠡᠨ ᠤ ᠠᠵᠢᠯᠲᠠᠨ ᠤ ᠪᠠᠷᠢᠮᠵᠢᠶ᠎ᠠ | ︵1︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ᠃ ︽ᠣᠶ ᠰᠢᠭᠤᠶ ᠶᠢᠨ ᠭᠠᠯ | ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠢᠷᠤᠮᠵᠢᠯ︾ ︵LY/T 2246 — 2014︶᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ | ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠡᠩᠨᠡᠭᠡ ᠪᠠᠶᠢᠭᠤᠯᠬᠤ ᠪᠠᠷᠢᠮᠵᠢᠶ᠎ᠠ ᠶᠢ ᠦᠨᠳᠦᠰᠦᠯᠡᠵᠦ᠂ ︽ᠣᠶ ᠰᠢᠭᠤᠶ | ᠨᠤᠲᠤᠭ ᠪᠡᠯᠴᠢᠭᠡᠷ ᠤᠨ ᠰᠢᠰᠲ᠋ᠧᠮ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠡᠩᠨᠡᠭᠡ ᠶᠢᠨ ᠪᠥᠲᠥᠭᠡᠨ | ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠠᠨᠠᠯ︾ ︵ᠣᠶ ᠰᠢᠭᠤᠶ | ᠰᠡᠷᠭᠡᠶᠢᠯᠡᠯᠲᠡ ᠲᠠᠷᠬᠠᠭᠠᠭᠰᠠᠨ ﹇2022﹈ 88 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠡᠯ᠎ᠡ ᠬᠤᠰᠢᠭᠤ ᠲᠣᠭᠤᠷᠢᠭ ᠤᠨ ᠭᠠᠯ | ᠰᠡᠷᠭᠡᠶᠢᠯᠡᠬᠦ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠤᠯᠬᠢᠯᠠᠵᠤ᠂ ᠠᠳᠠᠯᠢ ᠪᠤᠰᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠤᠪᠢᠶᠠᠨ᠎ᠠ᠃ | ᠳ᠋ᠦᠩᠱᠧᠩ ᠲᠣᠭᠤᠷᠢᠭ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ ᠨᠢ ᠨᠢᠭᠡᠳᠦᠭᠡᠷ ᠲᠥᠷᠥᠯ ᠤᠨ ᠡᠩᠨᠡᠭᠡ ᠪᠠᠶᠢᠭᠤᠯᠬᠤ | ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 100 ᠬᠥᠮᠦᠨ ᠠᠴᠠ ᠳᠡᠭᠡᠭᠰᠢ ᠪᠠᠶᠢᠯᠭᠠᠨ᠎ᠠ︔ ᠦᠦᠰᠢᠨ ᠬᠤᠰᠢᠭᠤ᠂ ᠬᠠᠩᠭᠢᠨ ᠬᠤᠰᠢᠭᠤ ᠪᠠ | ᠣᠲᠤᠭ ᠬᠤᠰᠢᠭᠤ ᠨᠢ ᠬᠤᠶᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 50 ᠬᠥᠮᠦᠨ ᠠᠴᠠ | ᠳᠡᠭᠡᠭᠰᠢ ᠪᠠᠶᠢᠯᠭᠠᠨ᠎ᠠ︔ ᠣᠲᠤᠭ ᠤᠨ ᠡᠮᠦᠨᠡᠲᠦ ᠬᠤᠰᠢᠭᠤ᠂ ᠬᠢᠶ᠎ᠠ ᠪᠠᠭᠰᠢ ᠲᠣᠭᠤᠷᠢᠭ ᠪᠠ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠨᠢ | ᠭᠤᠷᠪᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 25 ᠬᠥᠮᠦᠨ ᠠᠴᠠ ᠳᠡᠭᠡᠭᠰᠢ ᠪᠠᠶᠢᠯᠭᠠᠨ᠎ᠠ᠃ | | ︵2︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ | ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ︵ᠡᠯᠡᠰᠦ ᠵᠠᠰᠠᠬᠤ | ᠥᠷᠲᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠠᠮᠢ ᠠᠬᠤᠶ ᠶᠢᠨ ᠴᠡᠴᠡᠷᠯᠢᠭ᠂ | ᠨᠤᠭᠤ ᠭᠠᠵᠠᠷ ᠤᠨ ᠴᠡᠴᠡᠷᠯᠢᠭ᠂ ᠭᠤᠤᠯᠳᠠᠯᠭ᠎ᠠ ᠲᠠᠢ ᠣᠶᠢᠲᠤ ᠣᠷᠣᠨ᠂ ᠡᠪᠡᠰᠦᠨ ᠲᠠᠯᠠᠪᠠᠢ ᠮᠠᠯᠵᠢᠯ ᠤᠨ ᠲᠠᠯᠠᠪᠠᠢ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ | ᠨᠢᠭᠡᠴᠡ ᠨᠦᠭᠦᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ ᠬᠠᠭᠠᠰ ᠲᠤᠰᠬᠠᠶᠢᠵᠢᠭᠰᠠᠨ ᠣᠶ | ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠩᠨᠡᠭᠡ ᠪᠠᠶᠢᠭᠤᠯᠬᠤ ᠬᠡᠪᠴᠢᠶ᠎ᠡ ᠶᠢ | 15 ᠬᠥᠮᠦᠨ ᠠᠴᠠ ᠳᠡᠭᠡᠭᠰᠢ ᠪᠠᠶᠢᠯᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠠᠶᠢᠴᠠ ᠶᠢ ᠰᠠᠶᠢᠨ ᠮᠡᠳᠡᠳᠡᠭ 3 ᠵᠠᠮᠴᠢ ᠲᠣᠬᠢᠷᠠᠭᠤᠯᠤᠨ᠎ᠠ᠃ ᠭᠠᠯ ᠰᠡᠷᠭᠡᠶᠢᠯᠡᠵᠦ | ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠵᠡᠪᠰᠡᠭᠲᠦ ᠴᠠᠭᠳᠠᠭ᠎ᠠ᠂ ᠪᠡᠯᠡᠳᠬᠡᠯ ᠠᠯᠪᠠ ᠶᠢᠨ ᠴᠡᠷᠢᠭ᠂ ᠡᠷᠦᠬᠡ ᠶᠢᠨ ᠴᠡᠷᠢᠭ ᠤᠨ ᠡᠩᠨᠡᠭᠡ ᠪᠣᠯᠤᠨ ᠭᠤᠤᠯᠳᠠᠯᠭ᠎ᠠ ᠲᠠᠢ | ᠠᠵᠤ ᠠᠬᠤᠶᠢᠯᠠᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ | ᠬᠠᠮᠠᠭᠠᠯᠠᠬᠤ ᠬᠠᠭᠠᠰ ᠲᠤᠰᠬᠠᠶᠢᠵᠢᠭᠰᠠᠨ ᠪᠡᠯᠡᠳᠬᠡᠯ ᠬᠦᠴᠦᠨ ᠪᠣᠯᠤᠨ᠎ᠠ᠃ | ︵3︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠣᠯᠠᠨ ᠲᠦᠮᠡᠨᠴᠢ ᠴᠢᠨᠠᠷᠲᠠᠶ ᠡᠩᠨᠡᠭᠡ᠃ ᠭᠠᠴᠠᠭ᠎ᠠ | ᠲᠣᠰᠬᠤᠨ ᠪᠠ ᠣᠶ ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠨᠢᠭᠡᠴᠡ ᠣᠶᠢᠲᠤ ᠭᠠᠵᠠᠷ ᠤᠨ ᠲᠠᠯᠠᠪᠠᠶ᠂ ᠭᠠᠯ ᠤᠨ ᠠᠶᠤᠯ ᠤᠨ | ᠲᠦᠭᠰᠢᠭᠦᠷᠢ ᠶᠢᠨ ᠲᠠᠰ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠭᠠᠯ ᠰᠡᠷᠭᠡᠶᠢᠯᠡᠵᠦ ᠤᠨᠲᠠᠷᠠᠭᠠᠬᠤ ᠬᠡᠷᠡᠭᠴᠡᠭᠡ ᠳᠤ ᠵᠣᠬᠢᠴᠠᠭᠰᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠣᠯᠠᠨ ᠲᠦᠮᠡᠨᠴᠢ ᠴᠢᠨᠠᠷᠲᠠᠶ ᠡᠩᠨᠡᠭᠡ ᠶᠢ ᠪᠠᠶᠢᠭᠤᠯᠵᠤ᠂ ᠡᠩᠨᠡᠭᠡ ᠪᠠᠶᠢᠭᠤᠯᠬᠤ ᠬᠡᠪᠴᠢᠶ᠎ᠡ ᠶᠢ | 5 ᠠᠴᠠ 10 ᠬᠥᠮᠦᠨ ᠤ ᠳᠣᠲᠤᠷ᠎ᠠ ᠪᠠᠶᠢᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠲᠤᠰᠠᠯᠠᠬᠤ ᠬᠦᠴᠦᠨ ᠪᠣᠯᠭᠠᠨ᠎ᠠ᠃ | ︵4︶ ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠡᠯᠡᠳᠬᠡᠯ ᠠᠩᠭᠢ᠃ | ᠭᠤᠷᠪᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠶᠣᠰᠣᠭᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 15 ᠬᠥᠮᠦᠨ ᠠᠴᠠ ᠳᠡᠭᠡᠭᠰᠢ | ᠪᠠᠶᠢᠯᠭᠠᠵᠤ᠂ ᠭᠠᠯ ᠤᠨ ᠠᠶᠤᠯ ᠢ ᠰᠢᠢᠳᠪᠦᠷᠢᠯᠡᠬᠦ ᠬᠥᠳᠡᠯᠦᠩᠭᠦᠶ ᠲᠤᠰᠠᠯᠠᠬᠤ ᠬᠦᠴᠦᠨ ᠪᠣᠯᠭᠠᠨ᠎ᠠ᠃ | 2. ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ | ︵1︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠳᠤ ᠲᠤᠰᠬᠠᠶ ᠬᠤᠸᠠᠷᠠᠨ ᠲᠠᠢ | ᠪᠠᠶᠢᠪᠠᠯ ᠵᠣᠬᠢᠨ᠎ᠠ᠂ ᠲᠣᠭᠲᠠᠮᠠᠯ ᠬᠤᠸᠠᠷᠠᠨ ᠤ ᠲᠠᠯᠠᠪᠠᠶ ᠶᠢ ᠬᠥᠮᠦᠨ ᠪᠦᠷᠢ 20 — 30 ᠲᠡᠭᠰᠢ ᠳᠥᠷᠪᠡᠯᠵᠢᠨ ᠮᠧᠲᠷ ᠪᠠᠶᠢᠯᠭᠠᠵᠤ᠂ ᠬᠤᠸᠠᠷᠠᠨ ᠳᠤ | ᠬᠡᠪᠴᠢᠶ᠎ᠡ ᠪᠠᠷ ᠲᠣᠬᠢᠷᠠᠮᠵᠢᠲᠠᠶ ᠪᠣᠯᠪᠠᠰᠤᠷᠠᠯ ᠤᠨ ᠲᠠᠯᠠᠪᠤᠷ ᠲᠠᠢ ᠪᠠᠶᠢᠬᠤ ᠪᠥᠭᠡᠳ ᠪᠣᠯᠪᠠᠰᠤᠷᠠᠯ ᠤᠨ ᠪᠠᠭᠠᠵᠢ ᠬᠡᠷᠡᠭᠰᠡᠯ ᠢ ᠳᠣᠭᠢᠷᠠᠭᠤᠯᠤᠨ᠎ᠠ᠃ | ︵2︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠲᠤᠰᠬᠠᠶ ᠬᠤᠸᠠᠷᠠᠨ ᠳᠤ ᠠᠯᠪᠠᠨ | ᠬᠡᠷ᠂ ᠪᠣᠯᠪᠠᠰᠤᠷᠠᠯ ᠤᠨ ᠲᠠᠰᠤᠭ᠂ ᠬᠥᠳᠡᠯᠭᠡᠭᠡᠨ ᠤ ᠲᠠᠰᠤᠭ᠂ ᠬᠤᠭᠤᠯᠠᠨ ᠬᠡᠷ᠂ ᠪᠠᠶᠢᠷᠢ᠂ ᠲᠣᠨᠤᠭ ᠲᠥᠬᠦᠭᠡᠷᠦᠮᠵᠢ ᠶᠢᠨ ᠬᠥᠮᠥᠷᠭᠡ ᠵᠡᠷᠭᠡ ᠶᠢ ᠳᠣᠭᠢᠷᠠᠭᠤᠯᠬᠤ ᠶᠢᠨ | ᠬᠠᠮᠲᠤ ᠬᠡᠷᠡᠭᠴᠡᠭᠡ ᠪᠠᠨ ᠦᠨᠳᠦᠰᠦᠯᠡᠨ ᠲᠡᠷᠭᠡᠨ ᠬᠥᠮᠥᠷᠭᠡ ᠵᠢᠴᠢ ᠴᠢᠬᠤᠯᠠ ᠪᠥᠬᠦᠶ ᠳᠠᠭᠠᠯᠲᠠ ᠲᠥᠬᠦᠭᠡᠷᠦᠮᠵᠢ ᠶᠢ ᠳᠣᠭᠢᠷᠠᠭᠤᠯᠤᠨ ᠪᠠᠶᠢᠭᠤᠯᠤᠨ᠎ᠠ᠃ | ︵3︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠬᠤᠸᠠᠷᠠᠨ ᠤ ᠡᠭᠦᠳᠡᠨ ᠳᠤ | ᠢᠯᠡᠷᠬᠡᠶ ᠲᠡᠮᠳᠡᠭ ᠲᠠᠯᠪᠢᠵᠤ᠂ ᠬᠤᠸᠠᠷᠠᠨ ᠤ ᠭᠠᠵᠠᠷ ᠤᠨ ᠭᠠᠳᠠᠷᠭᠤ ᠶᠢ ᠬᠠᠲᠠᠭᠤᠷᠠᠭᠤᠯᠤᠨ ᠲᠡᠭᠰᠢᠯᠡᠵᠦ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ | ᠭᠤᠶᠤᠵᠢᠭᠤᠯᠤᠨ᠎ᠠ᠃ | ︵4︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠸᠠᠷᠠᠨ ᠬᠠᠩᠭᠠᠵᠤ ᠪᠣᠯᠤᠨ᠎ᠠ᠃ | 3. ᠦᠨᠳᠦᠰᠦᠨ ᠲᠥᠬᠦᠭᠡᠷᠦᠮᠵᠢ ᠲᠣᠨᠣᠭᠯᠠᠯ ᠤᠨ ᠪᠠᠷᠢᠮᠵᠢᠶ᠎ᠠ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠨᠢ ᠵᠣᠬᠢᠬᠤ ᠭᠠᠯ ᠤᠨᠲᠠᠷᠠᠭᠠᠬᠤ ᠮᠠᠰᠢᠨ | ᠪᠠᠭᠠᠵᠢ ᠲᠣᠨᠤᠭ ᠲᠥᠬᠦᠭᠡᠷᠦᠮᠵᠢ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠂ ᠣᠶᠤᠨᠴᠢ ᠴᠢᠮᠡᠭᠡ ᠬᠤᠯᠪᠣᠭ᠎ᠠ ᠪᠠ ᠲᠡᠭᠡᠭᠡᠪᠦᠷᠢ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠭᠠᠯ ᠰᠡᠷᠭᠡᠶᠢᠯᠡᠬᠦ ᠲᠡᠷᠭᠡ ᠬᠥᠰᠬᠡ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠤᠬᠠᠭᠤᠯᠭ᠎ᠠ ᠬᠥᠮᠦᠵᠢᠯ ᠤᠨ ᠲᠥᠬᠦᠭᠡᠷᠦᠮᠵᠢ ᠵᠡᠷᠭᠡ ᠶᠢ ᠳᠣᠭᠢᠷᠠᠭᠤᠯᠵᠤ᠂ ᠪᠣᠳᠠᠲᠠᠶ ᠳᠣᠭᠢᠷᠠᠭᠤᠯᠬᠤ ᠪᠠᠷᠢᠮᠵᠢᠶ᠎ᠠ ᠶᠢ ︽ᠣᠶ ᠰᠢᠭᠤᠶ ᠶᠢᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ︵LY/T5009 — 2014︶ ᠪᠠᠷ ᠯᠠᠪᠯᠠᠯᠲᠠ ᠪᠣᠯᠭᠠᠨ᠎ᠠ᠃ | ︵ᠭᠤᠷᠪᠠ︶ ᠪᠥᠳᠥᠭᠡᠨ ᠪᠠᠶᠢᠭᠤᠯᠬᠤ ᠱᠠᠭᠠᠷᠳᠠᠯᠭ᠎ᠠ | ᠡᠯ᠎ᠡ ᠬᠤᠰᠢᠭᠤ ᠲᠣᠭᠤᠷᠢᠭ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ | ᠪᠠᠷᠢᠮᠵᠢᠶ᠎ᠠ ᠪᠠ ᠱᠠᠭᠠᠷᠳᠠᠯᠭ᠎ᠠ ᠶᠢ ᠦᠨᠳᠦᠰᠦᠯᠡᠵᠦ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠨᠢᠭᠡᠳᠦᠯᠲᠡᠶ ᠲᠥᠯᠥᠪᠵᠢᠭᠦᠯᠬᠦ᠂ ᠠᠯᠬᠤᠮ | ᠬᠤᠪᠢᠶᠠᠨ ᠬᠡᠷᠡᠭᠵᠢᠭᠦᠯᠬᠦ᠂ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ︾ ᠵᠠᠷᠴᠢᠮ ᠶᠣᠰᠣᠭᠠᠷ᠂ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ 2024 ᠣᠨ ᠪᠣᠯᠬᠤ ᠳᠤ ᠠᠵᠢᠯᠲᠠᠨ ᠤ ᠡᠩᠨᠡᠭᠡ᠂ ᠰᠠᠭᠤᠷᠢ ᠪᠡᠯᠡᠳᠬᠡᠮᠵᠢ ᠲᠥᠬᠦᠭᠡᠷᠦᠮᠵᠢ ᠵᠡᠷᠭᠡ | ᠲᠠᠯ᠎ᠠ ᠪᠠᠷ ᠦᠨᠳᠦᠰᠦᠨ ᠳᠡᠭᠡᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠬᠦ ᠶᠢ ᠦᠨᠡᠨ ᠬᠦ ᠪᠠᠲᠤᠯᠠᠵᠤ᠂ ᠲᠣᠨᠤᠭ ᠲᠥᠬᠦᠭᠡᠷᠦᠮᠵᠢ ᠲᠦᠬᠦᠷᠵᠢᠭᠦᠯᠬᠦ ᠪᠠ | ᠬᠥᠳᠡᠯᠦᠩᠭᠦᠶ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ᠭᠠᠯ ᠤᠨᠲᠠᠷᠠᠭᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ︽ᠡᠷᠲᠡᠬᠡᠨ ᠤᠨᠲᠠᠷᠠᠭᠠᠬᠤ᠂ | ᠪᠠᠭ᠎ᠠ ᠳᠡᠭᠡᠷ᠎ᠡ ᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ︾ ᠬᠡᠷᠡᠭᠴᠡᠭᠡ ᠶᠢ ᠬᠠᠩᠭᠠᠨ᠎ᠠ᠃ | ᠭᠤᠷᠪᠠ᠂ ᠬᠠᠷᠢᠭᠤᠴᠠᠯᠭᠠᠲᠤ ᠡᠭᠦᠷᠭᠡ | ︵ᠨᠢᠭᠡ︶ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠃ ᠡᠯ᠎ᠡ ᠲᠥᠷᠥᠯ ᠤᠨ ᠡᠩᠨᠡᠭᠡ ᠨᠢ ᠨᠡᠶᠢᠭᠡᠮ ᠲᠣᠭᠤᠷᠢᠭ᠂ ᠠᠵᠤ ᠠᠬᠤᠶᠢᠯᠠᠯ᠂ | ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠪᠠ ᠮᠠᠯᠴᠢᠨ ᠲᠠᠷᠢᠶᠠᠴᠢᠨ ᠡᠷᠦᠬᠡ ᠳᠤ ᠣᠷᠤᠬᠤ ᠵᠡᠷᠭᠡ ᠬᠡᠯᠪᠡᠷᠢ ᠶᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢ ᠲᠥᠭᠡᠮᠡᠯᠵᠢᠭᠦᠯᠵᠦ᠂ ᠠᠷᠠᠳ ᠣᠯᠠᠨ ᠤ ᠭᠠᠯ | ᠲᠦᠢᠮᠡᠷ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠭᠠᠯ ᠲᠦᠢᠮᠡᠷ ᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠬᠤᠶᠠᠷ︶ ᠭᠠᠯ ᠲᠦᠢᠮᠡᠷ ᠢ ᠰᠡᠷᠭᠡᠶᠢᠯᠡᠵᠦ ᠲᠣᠭᠤᠷᠢᠨ ᠬᠠᠮᠠᠭᠠᠯᠠᠬᠤ ᠪᠠ ᠭᠠᠯ ᠲᠦᠢᠮᠡᠷ ᠡᠭᠦᠰᠬᠦ ᠡᠬᠢ ᠢᠷᠡᠯᠲᠡ ᠶᠢ ᠬᠠᠮᠢᠶᠠᠷᠬᠤ᠃ ᠲᠤᠰᠬᠠᠶ | ᠡᠩᠨᠡᠭᠡ ᠶᠢᠨ ᠬᠢᠨ ᠭᠤᠤᠯᠳᠠᠯᠭ᠎ᠠ ᠲᠠᠢ ᠬᠤᠭᠤᠴᠠᠭ᠎ᠠ ᠬᠡᠰᠡᠭ᠂ ᠣᠷᠣᠨ ᠪᠦᠰᠡ ᠳᠤ ᠲᠣᠨᠤᠭ ᠲᠥᠬᠦᠭᠡᠷᠦᠮᠵᠢ ᠠᠪᠴᠤ ᠲᠣᠭᠤᠷᠢᠨ ᠬᠠᠮᠠᠭᠠᠯᠠᠬᠤ ᠠᠵᠢᠯᠯᠠᠭ᠎ᠠ | ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ | ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠣᠶ ᠰᠢᠭᠤᠶ ᠨᠤᠲᠤᠭ ᠪᠡᠯᠴᠢᠭᠡᠷ᠂ ᠣᠶ | ᠪᠡᠯᠴᠢᠭᠡᠷ ᠤᠶᠠᠯᠳᠤᠭᠰᠠᠨ ᠪᠦᠰᠡ᠂ ᠣᠶ ᠲᠠᠷᠢᠶᠠᠯᠠᠩ ᠤᠶᠠᠯᠳᠤᠭᠰᠠᠨ ᠪᠦᠰᠡ᠂ ᠣᠶᠢᠲᠤ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠤᠬᠤ | ᠭᠠᠵᠠᠷ ᠲᠤ ᠭᠠᠯ ᠰᠡᠷᠭᠡᠶᠢᠯᠡᠬᠦ ᠪᠠᠶᠢᠴᠠᠭᠠᠯᠲᠠ ᠥᠷᠨᠢᠭᠦᠯᠵᠦ᠂ ᠡᠯ᠎ᠡ ᠲᠥᠷᠥᠯ ᠤᠨ ᠭᠠᠯ ᠲᠦᠢᠮᠡᠷ ᠡᠭᠦᠰᠭᠡᠬᠦ ᠢᠷᠡᠯᠲᠡ ᠶᠢᠨ ᠪᠤᠳᠠᠰ ᠢ ᠡᠷᠡᠰ ᠬᠤᠷᠢᠶᠠᠨ ᠠᠪᠤᠨ᠎ᠠ᠃ | ᠲᠤᠰᠬᠠᠶ ᠪᠠ ᠬᠠᠭᠠᠰ ᠲᠤᠰᠬᠠᠶᠢᠵᠢᠭᠰᠠᠨ ᠡᠩᠨᠡᠭᠡ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠵᠡᠷᠭᠡ ᠲᠠᠢ ᠬᠠᠮᠵᠢᠯᠴᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | ︵ᠭᠤᠷᠪᠠ︶ ᠵᠢᠵᠢᠭᠦᠷᠯᠡᠨ ᠪᠡᠯᠡᠳᠬᠡᠬᠦ᠃ ᠲᠤᠰᠬᠠᠶ ᠡᠩᠨᠡᠭᠡ ᠳᠤ ᠵᠢᠵᠢᠭᠦᠷᠯᠡᠨ ᠰᠠᠬᠢᠬᠤ ᠲᠦᠷᠢᠮ ᠪᠠ 24 ᠴᠠᠭ ᠢᠶᠠᠷ ᠵᠢᠵᠢᠭᠦᠷᠯᠡᠨ ᠪᠡᠯᠡᠳᠭᠡᠬᠦ ᠶᠢ | ᠬᠡᠷᠡᠭᠵᠢᠭᠦᠯᠵᠦ᠂ ᠥᠨᠳᠥᠷ ᠳᠤᠯᠠᠭᠠᠨ᠂ ᠶᠡᠭᠡ ᠰᠠᠯᠬᠢ᠂ ᠦᠷᠭᠦᠯᠵᠢ ᠶᠢᠨ ᠭᠠᠩ ᠬᠠᠭᠰᠠᠷᠠᠭᠠᠨ ᠵᠡᠷᠭᠡ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠴᠠᠭ | ᠠᠭᠤᠷ ᠲᠤ ᠪᠠᠶᠢᠯᠳᠤᠭᠠᠨ ᠤ ᠪᠠᠶᠢᠳᠠᠯ ᠢ ᠪᠠᠲᠤᠯᠠᠵᠤ᠂ ᠤᠷᠢᠳᠴᠢᠯᠠᠨ ᠰᠡᠷᠡᠮᠵᠢᠯᠡᠭᠦᠯᠵᠦ ᠳᠠᠭᠠᠯᠲᠠ ᠬᠢᠬᠦ ᠲᠣᠭᠲᠠᠴᠠ ᠶᠢᠨ ᠱᠠᠭᠠᠷᠳᠠᠯᠭ᠎ᠠ ᠶᠣᠰᠣᠭᠠᠷ ᠲᠦᠭᠰᠢᠭᠦᠷᠢ ᠶᠢᠨ | ᠪᠠᠶᠢᠳᠠᠯ ᠢ ᠦᠨᠳᠦᠰᠦᠯᠡᠨ ᠰᠡᠷᠭᠡᠶᠢᠯᠡᠯᠲᠡ ᠪᠠᠶᠢᠷᠢᠯᠠᠭᠤᠯᠵᠤ᠂ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠡᠨᠡᠳᠲᠡ ᠶᠢᠨ ᠭᠠᠯ | ᠲᠦᠢᠮᠡᠷ ᠤᠨ ᠪᠠᠶᠢᠳᠠᠯ ᠭᠠᠯ ᠤᠨ ᠠᠶᠤᠯ ᠢ ᠠᠷᠭᠠᠴᠠᠭᠠᠬᠤ ᠪᠠᠷ ᠴᠠᠭ ᠢᠮᠠᠭᠲᠠ ᠪᠡᠯᠡᠬᠡᠨ ᠪᠠᠶᠢᠯᠭᠠᠨ᠎ᠠ᠃ ᠶᠡᠭᠡ ᠲᠦᠢᠮᠡᠷ ᠡᠭᠦᠰᠬᠦ ᠬᠦᠨᠳᠦ ᠠᠶᠤᠯ ᠤᠨ ᠪᠤᠰᠤ | ᠬᠤᠭᠤᠴᠠᠭᠠᠨ ᠳᠤ ᠡᠭᠡᠯᠵᠢᠯᠡᠬᠦ ᠲᠦᠷᠢᠮ ᠢ ᠬᠡᠷᠡᠭᠵᠢᠭᠦᠯᠵᠦ ᠪᠣᠯᠤᠨ᠎ᠠ᠂ ᠵᠢᠵᠢᠭᠦᠷᠯᠡᠨ ᠪᠡᠯᠡᠳᠬᠡᠬᠦ ᠠᠩᠭᠢ ᠶᠢᠨ ᠭᠡᠰᠢᠭᠦᠨ ᠤ ᠲᠤᠭ᠎ᠠ ᠶᠡᠷᠦᠩᠬᠡᠶ ᠲᠣᠭᠠᠨ ᠤ | 50% ᠠᠴᠠ ᠪᠠᠭ᠎ᠠ ᠪᠠᠶᠢᠵᠤ ᠪᠣᠯᠬᠤ ᠥᠬᠡᠶ᠃ | ︵ᠲᠦᠷᠪᠡ︶ ᠲᠤᠬᠠᠢ ᠶᠢᠨ ᠭᠠᠵᠠᠷ ᠲᠤ ᠰᠠᠬᠢᠨ ᠰᠠᠭᠤᠬᠤ᠃ ᠲᠤᠰᠬᠠᠶ ᠡᠩᠨᠡᠭᠡ ᠨᠢ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠬᠤᠭᠤᠴᠠᠭᠠᠨ ᠳᠤ ᠭᠠᠯ | ᠰᠡᠷᠭᠡᠶᠢᠯᠡᠬᠦ ᠪᠣᠳᠠᠲᠤ ᠬᠡᠷᠡᠭᠴᠡᠭᠡ ᠪᠠᠨ ᠦᠨᠳᠦᠰᠦᠯᠡᠵᠦ ᠭᠤᠣᠯᠳᠠᠯᠭ᠎ᠠ ᠲᠠᠢ ᠣᠷᠣᠨ ᠪᠦᠰᠡ ᠳᠤ ᠲᠤᠬᠠᠢ ᠶᠢᠨ ᠭᠠᠵᠠᠷ ᠲᠤ ᠰᠠᠬᠢᠨ ᠰᠠᠭᠤᠬᠤ ᠵᠡᠷᠭᠡ ᠡᠭᠦᠷᠭᠡ ᠶᠢ | ᠭᠦᠢᠴᠡᠳᠭᠡᠵᠦ᠂ ᠭᠠᠯ ᠤᠨᠲᠠᠷᠠᠭᠠᠬᠤ ᠬᠦᠴᠦᠨ ᠢ ᠲᠤᠬᠠᠢ ᠶᠢᠨ ᠭᠠᠵᠠᠷ ᠲᠤ ᠬᠦᠷᠦᠭᠦᠯᠵᠦ᠂ ᠭᠠᠯ ᠲᠦᠢᠮᠡᠷ ᠤᠨ ᠪᠠᠶᠢᠳᠠᠯ ᠢ ᠡᠷᠲᠡ ᠣᠯᠵᠤ ᠮᠡᠳᠡᠬᠦ᠂ ᠡᠩᠨᠡᠭᠡ ᠶᠢ | ᠡᠷᠲᠡ ᠣᠷᠣᠨᠵᠢᠭᠤᠯᠵᠤ᠂ ᠭᠠᠯ ᠲᠦᠢᠮᠡᠷ ᠤᠨ ᠪᠠᠶᠢᠳᠠᠯ ᠢ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ | ︵ᠲᠠᠪᠤ︶ ᠭᠠᠯ ᠲᠦᠢᠮᠡᠷ ᠤᠨ ᠪᠠᠶᠢᠳᠠᠯ ᠶᠢ ᠰᠢᠢᠳᠪᠦᠷᠢᠯᠡᠬᠦ᠃ ᠲᠤᠰᠬᠠᠶ ᠪᠠ ᠬᠠᠭᠠᠰ ᠲᠤᠰᠬᠠᠶᠢᠵᠢᠭᠰᠠᠨ ᠡᠩᠨᠡᠭᠡ ᠨᠢ ᠸᠢᠳᠢᠤ᠋ ᠪᠠᠷ ᠪᠠᠶᠢᠴᠠᠭᠠᠨ ᠡᠵᠡᠮᠳᠡᠬᠦ᠂ | ᠲᠣᠨᠤᠭ ᠲᠥᠬᠦᠭᠡᠷᠦᠮᠵᠢ ᠠᠪᠴᠤ ᠲᠣᠭᠤᠷᠢᠨ ᠬᠠᠮᠠᠭᠠᠯᠠᠬᠤ᠂ ᠥᠨᠳᠥᠷ ᠣᠭᠲᠠᠷᠭᠤᠶ ᠠᠴᠠ ᠪᠠᠷᠠᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠯ ᠲᠦᠢᠮᠡᠷ ᠤᠨ | ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠯᠠᠮᠰᠢᠯ ᠴᠡᠭ ᠢ ᠬᠢᠨᠠᠨ ᠪᠠᠶᠢᠴᠠᠭᠠᠬᠤ ᠶᠢ ᠥᠷᠨᠢᠭᠦᠯᠦᠨ᠎ᠡ᠃ ᠭᠠᠯ ᠲᠦᠢᠮᠡᠷ ᠤᠨ ᠪᠠᠶᠢᠳᠠᠯ ᠤᠨ | ᠲᠦᠭᠰᠢᠭᠦᠷᠢ ᠮᠡᠳᠡᠭᠦᠯᠬᠦ ᠵᠢᠴᠢ ᠭᠠᠯ ᠤᠨᠲᠠᠷᠠᠭᠠᠬᠤ ᠡᠭᠦᠷᠭᠡ ᠶᠢ ᠣᠯᠵᠤ ᠮᠡᠳᠡᠭᠰᠡᠨ ᠪᠤᠶᠤ ᠭᠥᠯᠢᠶᠡᠨ ᠠᠪᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ᠳᠠᠷᠤᠢ | ᠲᠦᠷᠭᠡᠨ ᠬᠦᠷᠴᠦ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢᠨ ᠬᠠᠮᠲᠤ᠂ ᠬᠤᠲᠠ ᠬᠤᠰᠢᠭᠤ ᠬᠤᠶᠠᠷ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ᠂ ᠭᠠᠯ ᠤᠨ ᠠᠶᠤᠯ ᠠᠴᠠ ᠠᠪᠤᠷᠬᠠᠤ ᠪᠠ ᠭᠠᠮᠰᠢᠭ ᠤᠨ | ᠳᠠᠷᠠᠭᠠᠬᠢ ᠪᠠᠶᠢᠴᠠᠭᠠᠯᠲᠠ ᠵᠡᠷᠭᠡ ᠠᠵᠢᠯ ᠳᠤ ᠢᠳᠡᠪᠬᠢᠲᠡᠶ ᠣᠷᠤᠯᠴᠠᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠣᠶ | ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠭᠤᠤᠯ ᠴᠣᠭᠴᠠ ᠪᠣᠯᠤᠨ᠎ᠠ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠨ | ᠤᠳᠤᠷᠢᠳᠬᠤ ᠪᠠᠨ ᠪᠥᠬᠦ ᠲᠠᠯ᠎ᠠ ᠪᠠᠷ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ ᠶᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠯᠲᠠ ᠳᠤ | ᠣᠷᠣᠭᠤᠯᠵᠤ᠂ ᠡᠩᠨᠡᠭᠡ ᠶᠢ ᠵᠣᠬᠢᠶᠠᠨ ᠪᠠᠶᠢᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠣᠶ ᠰᠢᠭᠤᠶ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢ ᠪᠥᠲᠥᠭᠡᠨ ᠪᠠᠶᠢᠭᠤᠯᠤᠨ | ᠬᠠᠮᠢᠶᠠᠷᠬᠤ ᠶᠢ ᠬᠠᠷᠢᠭᠤᠴᠠᠵᠤ᠂ ᠪᠣᠳᠠᠲᠠᠶ ᠠᠷᠭ᠎ᠠ ᠬᠡᠮᠵᠢᠶ᠎ᠡ ᠪᠠ ᠬᠠᠮᠢᠶᠠᠷᠬᠤ᠂ ᠰᠢᠯᠭᠠᠨ ᠬᠢᠨᠠᠬᠤ ᠵᠡᠷᠭᠡ ᠲᠦᠷᠢᠮ ᠢ ᠲᠣᠭᠲᠠᠭᠠᠬᠤ ᠶᠢᠨ ᠬᠠᠮᠲᠤ ᠡᠯ᠎ᠡ ᠡᠩᠨᠡᠭᠡ | ᠪᠠᠶᠢᠭᠤᠯᠤᠭᠰᠠᠨ ᠨᠢᠭᠡᠴᠡ ᠶᠢᠨ ᠵᠢᠯᠣᠭᠤᠳᠣᠯᠭ᠎ᠠ᠂ ᠬᠢᠨᠠᠨ ᠪᠠᠶᠢᠴᠠᠭᠠᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠡᠯ᠎ᠡ ᠲᠥᠷᠥᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠩᠨᠡᠭᠡ ᠪᠠᠨ ᠪᠠᠶᠢᠭᠤᠯᠵᠤ | ᠳᠡᠶᠢᠯᠬᠦ᠂ ᠲᠡᠵᠢᠭᠡᠵᠦ ᠳᠡᠶᠢᠯᠬᠦ ᠶᠢ ᠦᠨᠡᠨ ᠬᠦ ᠪᠠᠲᠤᠯᠠᠨ᠎ᠠ᠃ | ︵ᠬᠤᠶᠠᠷ︶ ᠵᠢᠯᠣᠭᠤᠳᠤᠨ ᠳᠣᠭᠢᠷᠠᠭᠤᠯᠬᠤ ᠪᠠᠨ ᠴᠢᠩᠭᠠᠳᠬᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠲᠤᠰᠬᠠᠶ᠂ ᠬᠠᠭᠠᠰ ᠲᠤᠰᠬᠠᠶᠢᠵᠢᠭᠰᠠᠨ ᠪᠠ | ᠣᠯᠠᠨ ᠲᠦᠮᠡᠨᠴᠢ ᠴᠢᠨᠠᠷᠲᠠᠶ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠦᠴᠦᠨ ᠳᠤ ᠨᠢᠭᠡᠳᠦᠯᠲᠡᠶ ᠵᠢᠯᠣᠭᠤᠳᠣᠯᠭ᠎ᠠ ᠬᠢᠬᠦ ᠶᠢ ᠬᠡᠷᠡᠭᠵᠢᠭᠦᠯᠵᠦ᠂ ᠣᠶ | ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠵᠢᠯᠣᠭᠤᠳᠤᠨ ᠲᠣᠬᠢᠷᠠᠭᠤᠯᠬᠤ ᠪᠠᠷ ᠭᠤᠤᠯ ᠪᠣᠯᠭᠠᠵᠤ᠂ ᠲᠣᠰ ᠬᠤᠰᠢᠭᠤ ᠲᠣᠭᠤᠷᠢᠭ ᠤᠨ ᠬᠡᠪᠴᠢᠶᠡᠨ ᠳᠠᠬᠢ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠭᠦᠷᠭᠡ ᠶᠢ ᠭᠦᠢᠴᠡᠳᠭᠡᠬᠦ ᠶᠢᠨ ᠬᠠᠮᠲᠤ ᠲᠣᠰ ᠱᠠᠲᠤᠨ ᠤ ᠭᠠᠯ ᠢ | ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢᠨ ᠳᠣᠤᠷ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ | ᠡᠭᠦᠷᠭᠡ ᠳᠤ ᠣᠷᠣᠯᠴᠠᠨ᠎ᠠ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢ ᠭᠦᠢᠴᠡᠳᠬᠡᠬᠦ ᠳᠡᠭᠡᠨ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ | ᠨᠢᠭᠡᠳᠦᠯᠲᠡᠶ ᠵᠢᠯᠦᠭᠤᠳᠦᠯᠭ᠎ᠠ ᠶᠢ ᠵᠡᠷᠭᠡ ᠳᠤᠨᠢ ᠬᠦᠯᠢᠶᠡᠨ᠎ᠡ᠃ ᠡᠯ᠎ᠡ ᠬᠤᠰᠢᠭᠤ ᠲᠣᠭᠤᠷᠢᠭ ᠵᠢᠯᠣᠭᠤᠳᠤᠨ ᠳᠣᠭᠢᠷᠠᠭᠤᠯᠬᠤ ᠲᠥᠪ ᠢᠶᠠᠷ ᠭᠤᠤᠯ ᠪᠣᠯᠭᠠᠭᠰᠠᠨ | ᠡᠩᠨᠡᠭᠡ ᠶᠢᠨ ᠵᠢᠯᠣᠭᠤᠳᠤᠨ ᠳᠣᠭᠢᠷᠠᠭᠤᠯᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨᠴᠢ᠂ ᠥᠨᠳᠥᠷ ᠦᠷ᠎ᠡ ᠪᠦᠲᠦᠮᠵᠢᠲᠡᠶ ᠪᠠᠷ | ᠵᠢᠯᠣᠭᠤᠳᠤᠨ ᠲᠣᠬᠢᠷᠠᠭᠤᠯᠬᠤ ᠶᠢ ᠦᠨᠡᠨ ᠬᠦ ᠪᠠᠲᠤᠯᠠᠨ᠎ᠠ᠃ ᠬᠡᠪ ᠪᠣᠯᠪᠠᠰᠤᠷᠠᠯ ᠢᠶᠠᠷ ᠰᠠᠶᠢᠨ ᠴᠡᠷᠢᠭ ᠢ ᠰᠣᠩᠭᠤᠨ ᠬᠥᠳᠡᠯᠦᠩᠭᠦᠢ ᠪᠠᠶᠢᠯᠳᠤᠭᠠᠨ ᠤ ᠬᠦᠴᠦᠨ ᠢ | ᠵᠣᠬᠢᠶᠠᠨ ᠪᠠᠶᠢᠭᠤᠯᠵᠤ᠂ ᠬᠤᠳᠠ ᠶᠢᠨ ᠲᠤᠰ ᠱᠠᠲᠤᠨ ᠤ ᠬᠥᠳᠡᠯᠦᠩᠭᠦᠢ ᠪᠡᠯᠡᠳᠬᠡᠯ ᠠᠩᠬᠢ ᠲᠠᠢ ᠬᠠᠮᠵᠢᠯᠴᠠᠨ ᠶᠡᠭᠡ ᠲᠦᠢᠮᠡᠷ ᠡᠭᠦᠰᠬᠦ ᠠᠶᠤᠯ ᠲᠠᠢ ᠴᠠᠭ | ᠬᠤᠭᠤᠴᠠᠭᠠᠨ ᠤ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠬᠦ ᠪᠠ ᠲᠤᠰᠠᠯᠠᠨ ᠪᠠᠶᠢᠯᠳᠤᠬᠤ ᠡᠭᠦᠷᠭᠡ ᠶᠢ ᠡᠭᠦᠷᠭᠡᠯᠡᠨ᠎ᠡ᠃ | ︵ᠭᠤᠷᠪᠠ︶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ︽ᠪᠥᠬᠦ ᠤᠯᠤᠰ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠰᠢᠰᠲ᠋ᠧᠮ ᠤᠨ ᠣᠷᠣᠨ ᠨᠤᠲᠤᠭ ᠤᠨ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡ ᠶᠢᠨ ᠪᠣᠯᠪᠠᠰᠤᠷᠠᠯ ᠤᠨ ᠭᠠᠷ ᠳᠡᠪᠲᠡᠷ︾ ᠤᠨ | ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠡᠩᠨᠡᠭᠡ ᠶᠢᠨ ᠪᠣᠯᠪᠠᠰᠤᠷᠠᠯ ᠤᠨ ᠲᠦᠷᠢᠮ ᠢ ᠪᠠᠶᠢᠭᠤᠯᠵᠤ᠂ ᠲᠤᠰᠬᠠᠶ ᠪᠠ ᠬᠠᠭᠠᠰ ᠲᠤᠰᠬᠠᠶᠢᠵᠢᠭᠰᠠᠨ | ᠡᠩᠨᠡᠭᠡ ᠶᠢᠨ ᠭᠠᠯ ᠤᠨᠲᠠᠷᠠᠭᠠᠬᠤ ᠵᠢᠯᠣᠭᠤᠳᠣᠯᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠴᠢᠳᠠᠪᠤᠷᠢ᠂ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠠ | ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠡᠭᠦᠨ ᠳᠤ ᠲᠤᠰᠬᠠᠶ ᠡᠩᠨᠡᠭᠡ ᠨᠢ ᠵᠢᠯ ᠪᠦᠷᠢ ᠠᠳᠠᠭ ᠲᠠᠭᠠᠨ 6 ᠤᠳᠠᠭ᠎ᠠ ᠶᠢᠨ ᠴᠢᠭᠯᠡᠭᠦᠯᠬᠦ ᠴᠢᠨᠠᠷᠲᠠᠶ | ᠬᠡᠭᠡᠷ᠎ᠡ ᠶᠢᠨ ᠪᠣᠯᠪᠠᠰᠤᠷᠠᠯ᠂ 2 ᠤᠳᠠᠭ᠎ᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠪᠣᠯᠪᠠᠰᠤᠷᠠᠯ ᠤᠨ ᠰᠢᠯᠭᠠᠨ ᠦᠨᠡᠯᠡᠯᠲᠡ ᠶᠢ ᠥᠷᠨᠢᠭᠦᠯᠦᠨ᠎ᠡ᠃ ᠡᠯ᠎ᠡ ᠲᠤᠰᠬᠠᠶ ᠡᠩᠨᠡᠭᠡ ᠨᠦᠭᠦᠳ ᠴᠢᠭᠯᠡᠭᠦᠯᠬᠦ ᠴᠢᠨᠠᠷᠲᠠᠶ ᠪᠠᠷ ᠤᠯᠠᠨ ᠲᠦᠮᠡᠨᠴᠢ ᠴᠢᠨᠠᠷᠲᠠᠶ ᠭᠠᠯ | ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠣᠯᠤᠨ ᠠᠶᠤᠯ ᠠᠴᠠ ᠵᠠᠶᠢᠯᠠᠬᠤ ᠮᠡᠳᠡᠯᠭᠡ ᠶᠢᠨ | ᠪᠣᠯᠪᠠᠰᠤᠷᠠᠯ ᠢ ᠥᠷᠨᠢᠭᠦᠯᠵᠦ᠂ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠠᠪᠤᠴᠠ ᠳᠠᠬᠢ ᠠᠶᠤᠯ ᠠᠴᠠ ᠪᠠᠴᠢᠮ | ᠵᠠᠶᠢᠯᠠᠬᠤ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ︵ᠳᠥᠷᠪᠡ︶ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠨᠢ ᠲᠤᠰᠬᠠᠶ ᠡᠩᠨᠡᠭᠡ ᠶᠢᠨ ᠪᠥᠬᠦ ᠬᠤᠭᠤᠴᠠᠭ᠎ᠠ ᠬᠡᠰᠡᠭ ᠤᠨ | ᠪᠠ ᠬᠠᠭᠠᠰ ᠲᠤᠰᠬᠠᠶᠢᠵᠢᠭᠰᠠᠨ ᠡᠩᠨᠡᠭᠡ ᠶᠢᠨ ᠭᠠᠯ ᠤᠨ ᠠᠶᠤᠯ ᠤᠨ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠬᠤᠭᠤᠴᠠᠭ᠎ᠠ ᠶᠢᠨ ᠴᠡᠷᠡᠭᠵᠢᠭᠦᠯᠦᠭᠰᠡᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠢᠵᠢᠭᠦᠷᠯᠡᠬᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠳᠣᠲᠣᠭᠠᠳᠤ ᠶᠠᠪᠤᠳᠠᠯ ᠤᠨ ᠬᠠᠮᠢᠶᠠᠷᠤᠯᠲᠠ | ᠂ ᠪᠣᠯᠪᠠᠰᠤᠷᠠᠯ ᠰᠤᠷᠤᠯᠴᠠᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ ᠴᠢᠮᠡᠭᠡ ᠨᠡᠪᠲᠡᠷᠡᠯᠭᠡ ᠶᠢᠨ ᠵᠢᠯᠣᠭᠤᠳᠬᠤ ᠪᠠᠭᠠᠵᠢ ᠬᠡᠷᠡᠭᠰᠡᠯ ᠵᠢᠴᠢ ᠮᠠᠰᠢᠨ | ᠲᠥᠬᠦᠭᠡᠷᠦᠮᠵᠢ ᠶᠢᠨ ᠬᠠᠮᠢᠶᠠᠷᠤᠯᠲᠠ᠂ ᠪᠣᠯᠪᠠᠰᠤᠷᠠᠯ ᠰᠣᠷᠢᠯᠲᠠ᠂ ᠰᠢᠯᠭᠠᠯᠲᠠ ᠱᠠᠩᠨᠠᠯ ᠲᠣᠷᠭᠠᠭᠤᠯᠢ ᠵᠡᠷᠭᠡ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠬᠦᠯᠵᠦ᠂ | ᠡᠭᠦᠷᠭᠡ ᠶᠢᠨ ᠣᠷᠣᠨ ᠤ ᠳᠣᠲᠣᠷᠠᠬᠢ ᠭᠠᠵᠠᠷ ᠤᠨ ᠪᠠᠶᠢᠴᠠ ᠶᠢᠨ ᠵᠢᠷᠤᠭ᠂ ᠣᠶ ᠶᠢᠨ ᠳᠦᠷᠰᠦ ︵ᠣᠶ ᠶᠢᠨ ᠲᠣᠯᠪᠤ︶ ᠶᠢᠨ ᠵᠢᠷᠤᠭ᠂ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠤᠨ ᠵᠢᠷᠤᠭ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠲᠠᠷᠬᠠᠯᠲᠠ ᠶᠢᠨ ᠵᠢᠷᠤᠭ᠂ ᠰᠡᠷᠡᠮᠵᠢᠯᠡᠭᠦᠯᠵᠦ ᠳᠠᠭᠠᠯᠲᠠ ᠬᠢᠬᠦ ᠴᠤᠪᠤᠷᠠᠯ ᠵᠢᠷᠤᠭ᠂ ᠪᠠᠴᠢᠮ | ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠴᠤᠪᠤᠷᠠᠯ ᠵᠢᠷᠤᠭ᠂ ᠭᠠᠯ ᠲᠦᠢᠮᠡᠷ ᠭᠠᠷᠤᠭᠰᠠᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠲᠥᠰᠦᠯ ᠵᠢᠴᠢ ᠪᠤᠰᠤᠳ | ᠰᠠᠭᠤᠷᠢ ᠡᠬᠢ ᠪᠠᠶᠠᠯᠢᠭ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠰᠠᠶᠢᠨ᠂ ᠲᠤᠰᠬᠠᠯ ᠬᠢᠬᠦ ᠲᠦᠷᠭᠡᠨ᠂ | ᠪᠠᠶᠢᠯᠳᠤᠭᠠᠨ ᠳᠤ ᠴᠢᠳᠠᠮᠠᠭᠠᠶ ᠪᠠᠶᠢᠬᠤ ᠶᠢ ᠪᠡᠶᠡᠯᠡᠭᠦᠯᠦᠨ᠎ᠡ᠃ | ︵ᠲᠠᠪᠤ︶ ᠴᠡᠷᠢᠭ ᠤᠨ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠲᠣᠰ ᠭᠠᠵᠠᠷ ᠣᠷᠣᠨ ᠤ ᠪᠠᠨ ᠣᠶ ᠰᠢᠭᠤᠶ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠳᠠᠯ ᠪᠣᠯᠤᠨ ᠭᠠᠯ ᠤᠨ ᠠᠶᠤᠯ ᠤᠨ ᠪᠠᠶᠢᠳᠠᠯ ᠢ ᠦᠨᠳᠦᠰᠦᠯᠡᠵᠦ᠂ ᠲᠤᠰᠬᠠᠶ ᠡᠩᠨᠡᠭᠡ ᠶᠢᠨ ᠬᠦᠴᠦᠨ ᠢ ᠱᠠᠲᠤᠯᠢᠭ | ᠬᠡᠯᠪᠡᠷᠢ ᠪᠠᠷ ᠳᠣᠭᠢᠷᠠᠭᠤᠯᠵᠤ᠂ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠴᠠᠭ ᠬᠤᠭᠤᠴᠠᠭ᠎ᠠ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ | ᠡᠩᠨᠡᠭᠡ ᠶᠢ ᠲᠤᠬᠠᠢ ᠶᠢᠨ ᠭᠠᠵᠠᠷ ᠲᠤ ᠰᠠᠬᠢᠨ ᠰᠠᠭᠤᠯᠭᠠᠬᠤ ᠶᠢ ᠳᠣᠪᠣᠶᠢᠯᠭᠠᠵᠤ᠂ ᠲᠤᠰᠬᠠᠶ ᠬᠦᠴᠦᠨ ᠢ ᠲᠤᠬᠠᠢ ᠶᠢᠨ ᠭᠠᠵᠠᠷ ᠲᠤᠨᠢ ᠪᠠᠶᠢᠷᠢᠯᠠᠭᠤᠯᠬᠤ ᠶᠢ ᠦᠨᠡᠨ ᠬᠦ | ᠪᠠᠲᠤᠯᠠᠨ᠎ᠠ᠃ ᠲᠡᠷᠡᠴᠢᠯᠡᠨ ᠬᠠᠭᠠᠰ ᠲᠤᠰᠬᠠᠶᠢᠵᠢᠭᠰᠠᠨ ᠪᠠ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠡᠩᠨᠡᠭᠡ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ | ᠪᠡᠯᠡᠳᠬᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠲᠠᠰ ᠢ ᠦᠨᠳᠦᠰᠦᠯᠡᠨ ᠡᠩᠨᠡᠭᠡ ᠶᠢᠨ ᠬᠦᠴᠦᠨ ᠤ ᠪᠠᠶᠢᠷᠢᠰᠢᠭᠤᠯᠤᠯᠲᠠ ᠶᠢ ᠴᠢᠨᠠᠭᠰᠢᠳᠠ | ᠰᠢᠯᠢᠳᠡᠭᠵᠢᠭᠦᠯᠵᠦ᠂ ᠲᠤᠰᠬᠠᠶ᠂ ᠬᠠᠭᠠᠰ ᠲᠤᠰᠬᠠᠶᠢᠵᠢᠭᠰᠠᠨ ᠪᠠ ᠣᠯᠠᠨ ᠲᠦᠮᠡᠨᠴᠢ ᠴᠢᠨᠠᠷᠲᠠᠶ ᠬᠦᠴᠦᠨ ᠤ ᠬᠤᠯᠪᠣᠭᠠᠯᠠᠨ ᠬᠥᠳᠡᠯᠦᠯᠴᠡᠵᠦ ᠪᠠᠶᠢᠯᠳᠤᠬᠤ ᠶᠢ | ᠪᠡᠶᠡᠯᠡᠭᠦᠯᠵᠦ᠂ ᠭᠠᠯ ᠲᠦᠢᠮᠡᠷ ᠤᠨ ᠪᠠᠶᠢᠳᠠᠯ ᠢ ᠡᠷᠲᠡ ᠢᠯᠡᠷᠡᠭᠦᠯᠵᠦ᠂ ᠡᠩᠨᠡᠭᠡ ᠶᠢ ᠡᠷᠲᠡ ᠬᠥᠳᠡᠯᠦᠯᠴᠡᠭᠦᠯᠵᠦ᠂ ᠭᠠᠯ ᠤᠨ ᠠᠶᠤᠯ ᠢ ᠡᠷᠲᠡ ᠤᠨᠲᠠᠷᠠᠭᠠᠬᠤ ᠶᠢ | ᠦᠨᠡᠨ ᠬᠦ ᠪᠠᠲᠤᠯᠠᠨ᠎ᠠ᠃ | ᠲᠠᠪᠤ᠂ ᠪᠠᠲᠤᠯᠠᠭ᠎ᠠ ᠶᠢᠨ ᠲᠣᠭᠲᠠᠴᠠ | ︵ᠨᠢᠭᠡ︶ ᠪᠠᠶᠢᠭᠤᠯᠤᠯ ᠤᠨ ᠪᠠᠲᠤᠯᠠᠭ᠎ᠠ᠃ ᠡᠯ᠎ᠡ ᠬᠤᠰᠢᠭᠤ ᠲᠣᠭᠤᠷᠢᠭ ᠬᠦᠮᠦᠨ ᠡᠯᠰᠡᠬᠦ ᠠᠷᠭ᠎ᠠ ᠵᠠᠮ ᠢᠶᠠᠨ ᠥᠷᠭᠡᠳᠬᠡᠵᠦ᠂ ᠴᠡᠷᠢᠭ ᠤᠨ ᠠᠯᠪᠠ ᠠᠴᠠ | ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠨᠡᠶᠢᠭᠡᠮ ᠤᠨ | ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ︽ᠢᠯᠡ ᠲᠣᠳᠤ᠂ ᠡᠷᠬᠡ ᠲᠡᠭᠰᠢ᠂ | ᠥᠷᠢᠰᠦᠯᠳᠦᠭᠦᠯᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ᠬᠦᠮᠦᠨ ᠡᠯᠰᠡᠬᠦ ᠨᠠᠰᠤ ᠵᠢᠯ᠂ ᠪᠡᠶ᠎ᠡ ᠶᠢᠨ ᠴᠢᠳᠠᠪᠤᠷᠢ ᠵᠡᠷᠭᠡ ᠶᠢᠨ ᠪᠠᠷᠢᠮᠵᠢᠶ᠎ᠠ ᠶᠢ | ᠴᠢᠩᠳᠠᠯᠠᠵᠤ᠂ ᠦᠢᠯᠡᠴᠢᠯᠡᠭᠡᠨ ᠤ ᠵᠢᠯ ᠬᠤᠭᠤᠴᠠᠭ᠎ᠠ ᠶᠢ ᠵᠦᠶ ᠵᠣᠬᠢᠰᠲᠠᠶ ᠲᠣᠭᠲᠠᠭᠠᠨ᠎ᠠ᠃ ᠲᠤᠰᠬᠠᠶ ᠡᠩᠨᠡᠭᠡᠨ ᠤ ᠬᠦᠮᠦᠰ ᠤᠨ ᠨᠠᠰᠤ ᠵᠢᠯ ᠨᠢ ᠵᠠᠷᠴᠢᠮ ᠳᠡᠭᠡᠷ᠎ᠡ ᠪᠠᠨ | 18 — 35 ᠪᠦᠬᠦᠯᠢ ᠨᠠᠰᠤᠨ ᠳᠣᠲᠤᠷ᠎ᠠ ᠪᠠᠶᠢᠵᠤ᠂ ᠭᠠᠯ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠤᠷᠰᠢᠯᠭ᠎ᠠ ᠪᠠ ᠪᠤᠰᠤᠳ ᠠᠪᠤᠷᠠᠨ ᠲᠤᠰᠠᠯᠠᠬᠤ | ᠲᠤᠷᠰᠢᠯᠭ᠎ᠠ ᠲᠠᠢ ᠪᠠᠶᠢᠪᠠᠯ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠂ ᠦᠢᠯᠡᠴᠢᠯᠡᠬᠦ ᠵᠢᠯ ᠬᠤᠭᠤᠴᠠᠭ᠎ᠠ ᠶᠢ ᠡᠩ ᠤᠨ ᠪᠠᠶᠢᠳᠠᠯ ᠳᠤ ᠭᠤᠷᠪᠠᠨ ᠵᠢᠯ | ᠪᠠᠶᠢᠯᠭᠠᠪᠠᠯ ᠵᠣᠬᠢᠨ᠎ᠠ᠃ ᠲᠤᠰᠬᠠᠶ ᠠᠵᠢᠯ ᠤᠨ ᠡᠩᠨᠡᠭᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠩᠨᠡᠭᠡᠨ ᠤ ᠠᠮᠢᠵᠢᠷᠠᠯ ᠤᠨ ᠬᠦᠴᠦᠨ ᠢ ᠪᠠᠲᠤᠯᠠᠨ᠎ᠠ᠃ | | ︵ᠬᠤᠶᠠᠷ︶ ᠵᠠᠷᠤᠳᠠᠯ ᠤᠨ ᠪᠠᠲᠤᠯᠠᠭ᠎ᠠ᠃ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠱᠠᠲᠤ ᠬᠤᠪᠢᠶᠠᠨ ᠡᠭᠦᠷᠭᠡᠯᠡᠬᠦ ᠵᠠᠷᠴᠢᠮ | ᠶᠣᠰᠣᠭᠠᠷ᠂ ᠲᠤᠰᠬᠠᠶ ᠡᠩᠨᠡᠭᠡ ᠶᠢᠨ ᠪᠠᠶᠢᠭᠤᠯᠤᠯᠲᠠ᠂ ᠠᠵᠢᠯᠯᠠᠭᠠᠨ᠂ ᠴᠠᠯᠢᠩ ᠣᠯᠭᠤᠮᠵᠢ᠂ ᠪᠣᠯᠪᠠᠰᠤᠷᠠᠯ ᠬᠦᠷᠲᠡᠭᠡᠬᠦ᠂ ᠵᠢᠵᠢᠭᠦᠷᠯᠡᠬᠦ ᠨᠥᠬᠦᠪᠥᠷᠢ ᠵᠡᠷᠭᠡ ᠵᠠᠷᠤᠳᠠᠯ ᠢ | ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ | ᠬᠠᠮᠠᠭᠠᠯᠠᠬᠤ ᠪᠠ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠮᠡᠷᠭᠡᠵᠢᠯ ᠤᠨ ᠥᠨᠳᠥᠷ ᠠᠶᠤᠯᠲᠤ | ᠴᠢᠨᠠᠷ ᠯᠤᠭ᠎ᠠ ᠵᠣᠬᠢᠴᠠᠯᠳᠤᠭᠰᠠᠨ ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠲᠣᠭᠲᠠᠭᠠᠵᠤ᠂ ᠲᠤᠰᠬᠠᠶ ᠮᠡᠷᠭᠡᠵᠢᠯ ᠤᠨ ᠡᠩᠨᠡᠭᠡᠨ ᠤ ᠬᠦᠮᠦᠰ ᠤᠨ ᠴᠠᠯᠢᠩ ᠣᠯᠭᠤᠮᠵᠢ ᠨᠢ | ᠡᠭᠦᠷᠭᠡᠯᠡᠵᠦ ᠪᠥᠬᠦᠶ ᠥᠨᠳᠥᠷ ᠠᠶᠤᠯᠲᠤ ᠴᠢᠨᠠᠷᠲᠠᠶ ᠠᠵᠢᠯ ᠮᠡᠷᠭᠡᠵᠢᠯ ᠯᠦᠭᠡ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠵᠡᠷᠭᠡ ᠶᠢᠨ ᠬᠠᠭᠠᠰ ᠲᠤᠰᠬᠠᠶ ᠲᠤᠰᠬᠠᠶᠢᠵᠢᠭᠰᠠᠨ ᠡᠩᠨᠡᠭᠡ ᠪᠣᠯᠤᠨ ᠣᠯᠠᠨ ᠲᠦᠮᠡᠨᠴᠢ ᠴᠢᠨᠠᠷᠲᠠᠶ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠩᠨᠡᠭᠡ ᠳᠤ ᠵᠠᠰᠠᠭ ᠤᠨ ᠣᠷᠳᠣᠨ ᠠᠴᠠ ᠪᠠᠲᠤᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠨᠥᠬᠦᠪᠥᠷᠢ ᠥᠭᠬᠦ ᠶᠢ ᠬᠠᠷᠢᠯᠴᠠᠨ | ᠤᠶᠠᠯᠳᠤᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠣᠭᠲᠠᠪᠤᠷᠢᠲᠠᠶ ᠵᠠᠷᠤᠳᠠᠯ ᠤᠨ ᠪᠠᠲᠤᠯᠠᠭ᠎ᠠ ᠶᠢᠨ ᠠᠷᠭ᠎ᠠ ᠵᠠᠮ ᠢ ᠪᠠᠶᠢᠭᠤᠯᠤᠨ᠎ᠠ᠃ | ︵ᠭᠤᠷᠪᠠ︶ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠩᠨᠡᠭᠡ ᠶᠢᠨ | ᠲᠣᠭᠤᠷᠢᠨ ᠬᠠᠮᠠᠭᠠᠯᠠᠬᠤ᠂ ᠭᠠᠯ ᠤᠨᠲᠠᠷᠠᠭᠠᠬᠤ ᠪᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠬᠠᠶ | ᠪᠠ ᠬᠠᠭᠠᠰ ᠲᠤᠰᠬᠠᠶᠢᠵᠢᠭᠰᠠᠨ ᠡᠩᠨᠡᠭᠡ ᠶᠢᠨ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠪᠠᠭᠠᠵᠢ᠂ ᠭᠠᠯ ᠤᠨᠲᠠᠷᠠᠭᠠᠬᠤ ᠮᠠᠰᠢᠨ ᠪᠠᠭᠠᠵᠢ᠂ ᠰᠡᠷᠭᠡᠶᠢᠯᠡᠨ | ᠬᠠᠮᠠᠭᠠᠯᠠᠬᠤ ᠲᠣᠨᠤᠭ ᠲᠥᠬᠦᠭᠡᠷᠦᠮᠵᠢ ᠵᠢᠴᠢ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠦᠨᠳᠦᠰᠦᠨ ᠲᠣᠨᠤᠭ | ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠵᠤ᠂ ᠬᠤᠰᠢᠭᠤ ᠲᠣᠭᠤᠷᠢᠭ ᠤᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠳ᠋ | ᠪᠠᠷᠠᠭ᠎ᠠ ᠶᠢᠨ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠴᠢᠬᠤᠯᠠ ᠪᠥᠬᠦᠶ ᠡᠳ᠋ ᠪᠠᠷᠠᠭ᠎ᠠ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠭᠠᠯ ᠤᠨᠲᠠᠷᠠᠭᠠᠬᠤ ᠪᠠ | ᠪᠤᠰᠤᠳ ᠠᠪᠤᠷᠠᠨ ᠲᠤᠰᠠᠯᠠᠬᠤ ᠡᠭᠦᠷᠭᠡ ᠶᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ | ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠡᠳ᠋ ᠪᠠᠷᠠᠭ᠎ᠠ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠡᠳ᠋ ᠪᠠᠷᠠᠭ᠎ᠠ ᠶᠢᠨ ᠬᠥᠮᠥᠷᠭᠡ ᠶᠢᠨ ᠪᠥᠲᠥᠭᠡᠨ | ᠪᠠᠶᠢᠭᠤᠯᠤᠯᠲᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ ᠴᠠᠭ ᠦᠶ᠎ᠡ ᠲᠠᠢ | ᠵᠡᠷᠭᠡᠪᠡᠷ ᠤᠷᠤᠭᠰᠢᠯᠠᠬᠤ᠂ ᠵᠣᠬᠢᠬᠤ ᠬᠡᠮᠵᠢᠶ᠎ᠡ ᠪᠠᠷ ᠤᠷᠢᠳᠴᠢᠯᠠᠬᠤ ᠵᠠᠷᠴᠢᠮ ᠢ ᠪᠠᠷᠢᠮᠲᠠᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠩᠨᠡᠭᠡ ᠶᠢᠨ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ ᠪᠠ ᠡᠳ᠋ ᠪᠣᠳᠠᠰ ᠨᠥᠭᠡᠴᠡᠯᠡᠬᠦ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ | ︵ᠳᠥᠷᠪᠡ︶ ᠰᠠᠭᠤᠷᠢ ᠲᠥᠬᠦᠭᠡᠷᠦᠮᠵᠢ᠃ ᠡᠯ᠎ᠡ ᠬᠤᠰᠢᠭᠤ ᠲᠣᠭᠤᠷᠢᠭ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ | ᠬᠠᠮᠠᠭᠠᠯᠠᠬᠤ ᠲᠤᠰᠬᠠᠶ ᠡᠩᠨᠡᠭᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ | ᠡᠩᠨᠡᠭᠡ ᠶᠢᠨ ᠬᠤᠸᠠᠷᠠᠨ᠂ ᠠᠵᠢᠯᠯᠠᠬᠤ ᠲᠠᠯᠠᠪᠤᠷ ᠭᠠᠵᠠᠷ᠂ ᠪᠣᠯᠪᠠᠰᠤᠷᠠᠯ ᠤᠨ ᠲᠠᠯᠠᠪᠤᠷ ᠭᠠᠵᠠᠷ ᠵᠢᠴᠢ ᠲᠥᠬᠦᠭᠡᠷᠦᠮᠵᠢ᠂ ᠡᠳ᠋ ᠪᠣᠳᠠᠰ ᠨᠥᠭᠡᠴᠡᠯᠡᠬᠦ ᠬᠥᠮᠥᠷᠭᠡ᠂ | ᠲᠡᠷᠭᠡᠨ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠩᠨᠡᠭᠡ ᠶᠢᠨ ᠪᠡᠯᠡᠳᠬᠡᠯ ᠠᠵᠢᠯ ᠪᠠ ᠪᠣᠯᠪᠠᠰᠤᠷᠠᠯ ᠤᠨ ᠬᠡᠷᠡᠭᠴᠡᠭᠡ ᠶᠢ | ᠬᠠᠩᠭᠠᠨ᠎ᠠ᠃ | ︵ᠲᠠᠪᠤ︶ ᠪᠤᠰᠤᠳ ᠪᠠᠲᠤᠯᠠᠭ᠎ᠠ᠃ ᠡᠯ᠎ᠡ ᠬᠤᠰᠢᠭᠤ ᠲᠣᠭᠤᠷᠢᠭ᠂ ᠨᠢᠭᠡᠴᠡ ᠨᠢ ᠲᠤᠰᠬᠠᠶ ᠪᠠ ᠬᠠᠭᠠᠰ ᠲᠤᠰᠬᠠᠶᠢᠵᠢᠭᠰᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠩᠭᠢ ᠶᠢᠨ ᠬᠦᠮᠦᠰ ᠲᠤ ᠭᠡᠨᠡᠳᠲᠡ ᠶᠢᠨ ᠠᠳᠡᠯ ᠰᠢᠷᠬᠠᠳᠤᠯ ᠤᠨ ᠳᠠᠭᠠᠳᠬᠠᠯ ᠵᠢᠴᠢ ᠬᠠᠮᠢᠶ᠎ᠠ ᠪᠥᠬᠦᠶ ᠳᠠᠭᠠᠳᠬᠠᠯ | ᠳᠠᠭᠠᠳᠬᠠᠭᠤᠯᠵᠤ᠂ ᠬᠢᠨᠠᠨ ᠰᠢᠯᠭᠠᠵᠤ ᠱᠠᠩᠨᠠᠵᠤ ᠲᠣᠷᠭᠠᠬᠤ ᠪᠠ ᠨᠢᠭᠡᠳᠦᠭᠡᠷ ᠹᠷᠣᠨᠲ ᠤᠨ ᠭᠠᠯ ᠰᠡᠷᠭᠡᠶᠢᠯᠡᠬᠦ ᠠᠩᠭᠢ ᠶᠢᠨ ᠪᠦᠷᠢᠯᠳᠦᠭᠦᠨ ᠤ ᠤᠬᠤᠷᠢᠨ ᠭᠠᠷᠬᠤ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠨ ᠬᠠᠮᠠᠭᠠᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ | ᠡᠭᠦᠷᠭᠡ ᠳᠤᠮᠳᠠᠬᠢ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠭᠠᠳᠬᠠᠵᠤ᠂ ᠬᠤᠭᠤᠴᠠᠭ᠎ᠠ ᠨᠢ ᠳᠦᠭᠦᠷᠦᠭᠰᠡᠨ᠂ ᠨᠠᠰᠤ ᠨᠢ ᠨᠡᠯᠢᠶᠡᠳ ᠶᠡᠭᠡ᠂ ᠪᠡᠶ᠎ᠡ ᠶᠢᠨ | ᠴᠢᠳᠠᠪᠤᠷᠢ ᠶᠢᠨ ᠱᠠᠭᠠᠷᠳᠠᠯᠭ᠎ᠠ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠤᠬᠤᠷᠢᠨ ᠭᠠᠷᠬᠤ ᠨᠥᠬᠦᠴᠡᠯ ᠳᠤ ᠨᠡᠶᠢᠴᠡᠬᠦ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠠᠩᠭᠢ ᠶᠢᠨ ᠭᠡᠰᠢᠭᠦᠳ ᠲᠤ ᠴᠠᠭ ᠲᠤᠬᠠᠶ ᠳᠤᠨᠢ ᠤᠬᠤᠷᠢᠨ ᠭᠠᠷᠬᠤ ᠲᠣᠬᠢᠷᠠᠭᠤᠯᠤᠯᠲᠠ ᠬᠢᠨ᠎ᠡ᠃ | | ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 1 ᠳ᠋ᠣᠭᠡᠷ ᠰᠠᠷ᠎ᠠ ᠶᠢᠨ 3 ᠤ ᠡᠳᠦᠷ | | | |