ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ      ᠤᠷᠳᠤᠰ ᠵᠠᠰᠠᠭ ᠲᠠᠷᠬᠠᠭᠠᠭᠰᠠᠨ  ﹇2023﹈ 2 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/11

ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ

ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄

     ᠰᠢ ᠶᠢᠨ ᠫᠢᠩ ᠶᠡᠷᠦᠩᠬᠡᠶ ᠱᠦᠵᠢ ᠶᠢᠨ ︽ᠨᠤᠲᠤᠭ ᠪᠡᠯᠴᠢᠭᠡᠷ ᠪᠠ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ

ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︾ ︽ᠭᠠᠯ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ︾ ᠭᠡᠬᠦ

ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ

ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ

ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ

ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠵᠢᠷᠤᠮᠵᠢᠭᠤᠯᠤᠯᠲᠠ᠂ ᠲᠤᠰᠬᠠᠶᠢᠵᠢᠯᠲᠠ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ  ᠠᠬᠢᠭᠤᠯᠵᠤ

᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠳᠠᠶᠢᠴᠢᠨ ᠬᠦᠴᠦᠨ ᠪᠠ ᠣᠶ ᠰᠢᠭᠤᠶ ᠨᠤᠲᠤᠭ

ᠪᠡᠯᠴᠢᠭᠡᠷ ᠤᠨ ᠭᠠᠯ ᠤᠨ ᠠᠶᠤᠯ ᠢ ᠶᠡᠷᠥᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂  ︽ᠣᠶ ᠰᠢᠭᠤᠶ ᠶᠢᠨ ᠭᠠᠯ ᠰᠡᠷᠭᠡᠶᠢᠯᠡᠬᠦ

ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 541 ᠳ᠋ᠦ᠋ᠭᠡᠷ ᠲᠣᠭᠠᠲᠤ ᠵᠠᠷᠯᠢᠭ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︵

ᠲᠥᠷᠥ ᠶᠢᠨ ᠶᠠᠪᠤᠳᠠᠯ ᠤᠨ ᠬᠤᠷᠢᠶ᠎ᠠ ᠶᠢᠨ 542 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ

ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  31 ᠳ᠋ᠦ᠋ᠭᠡᠷ

ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ

ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ

ᠬᠤᠲᠠ ᠶᠢᠨ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ

ᠱᠠᠭᠠᠷᠳᠠᠯᠭ᠎ᠠ ᠳᠤ ᠰᠠᠭᠤᠷᠢᠯᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ ᠬᠤᠲᠠ ᠶᠢᠨ ᠣᠶ ᠰᠢᠭᠤᠶ ᠨᠤᠲᠤᠭ

ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠡᠳᠦᠭᠡ ᠳᠣᠤᠷᠠᠬᠢ

ᠮᠡᠲᠦ ᠰᠠᠨᠠᠯ ᠢ ᠳᠤᠷᠠᠳᠪᠠ᠃

     ᠨᠢᠭᠡ᠂ ᠶᠡᠷᠦᠩᠬᠡᠶ ᠱᠠᠭᠠᠷᠳᠠᠯᠭ᠎ᠠ

     ︵ᠨᠢᠭᠡ︶ ᠵᠢᠯᠣᠭᠤᠳᠬᠤ ᠦᠵᠡᠯ ᠰᠠᠨᠠᠭ᠎ᠠ   

     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ  ᠠᠵᠢᠯ ᠢ ᠴᠢᠩᠭᠠᠳᠬᠠᠬᠤ ᠲᠤᠬᠠᠢ

ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ

ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ︽ᠡᠩᠨᠡᠭᠡ ᠨᠢ ᠰᠢᠯᠢᠳᠡᠭ ᠱᠠᠯᠠᠮᠠᠭᠠᠢ᠂ ᠬᠡᠪ ᠴᠢᠨᠠᠷ ᠢᠶᠠᠷ

ᠥᠨᠳᠥᠷ᠂ ᠲᠣᠨᠤᠭ ᠲᠥᠬᠦᠭᠡᠷᠦᠮᠵᠢ ᠭᠦᠢᠴᠡᠳ᠂ ᠪᠠᠲᠤᠯᠠᠭ᠎ᠠ ᠬᠦᠴᠦᠨᠲᠡᠢ ᠪᠠᠶᠢᠬᠤ︾ ᠱᠠᠭᠠᠷᠳᠠᠯᠭ᠎ᠠ ᠶᠣᠰᠣᠭᠠᠷ ᠮᠠᠨ ᠤ ᠬᠤᠲᠠ ᠶᠢᠨ ᠣᠶ ᠰᠢᠭᠤᠶ ᠨᠤᠲᠤᠭ

ᠪᠡᠯᠴᠢᠭᠡᠷ ᠤᠨ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠪᠣᠳᠠᠲᠤ ᠪᠠᠶᠢᠯᠳᠤᠭᠠᠨᠴᠢᠯᠠᠭᠰᠠᠨ ᠪᠣᠯᠪᠠᠰᠤᠷᠠᠯ᠂

ᠵᠢᠷᠤᠮᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠰᠢᠢᠳᠪᠦᠷᠢᠯᠡᠬᠦ

ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠮᠠᠨ ᠤ

ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠣᠷᠳᠣᠰ ᠤᠨ ᠰᠡᠷᠭᠡᠶᠢᠯᠡᠯᠲᠡ ᠶᠢᠨ ᠱᠤᠭᠤᠮ ᠤᠨ ᠲᠣᠭᠲᠠᠭᠤᠨ

ᠪᠥᠭᠡᠳ ᠪᠠᠲᠤ ᠪᠠᠬᠢ ᠪᠠᠶᠢᠬᠤ ᠶᠢ ᠦᠨᠡᠨ ᠬᠦ ᠪᠠᠲᠤᠯᠠᠨ᠎ᠠ᠃

     ︵ᠬᠤᠶᠠᠷ︶ ᠦᠨᠳᠦᠰᠦᠨ ᠵᠠᠷᠴᠢᠮ

     — — ᠨᠢᠭᠡᠳᠦᠯᠲᠡᠶ ᠲᠥᠯᠥᠪᠵᠢᠭᠦᠯᠵᠦ᠂ ᠬᠡᠷᠡᠭᠴᠡᠭᠡ ᠶᠢ ᠦᠨᠳᠦᠰᠦᠯᠡᠨ ᠬᠥᠭᠵᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ

ᠲᠠᠷᠬᠠᠯᠲᠠ ᠪᠠ ᠭᠠᠯ ᠤᠨ ᠠᠶᠤᠯ ᠤᠨ ᠪᠠᠶᠢᠳᠠᠯ ᠢ ᠦᠨᠳᠦᠰᠦᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠠᠶᠤᠯ ᠤᠨ ᠪᠠᠶᠢᠳᠠᠯ ᠳᠤᠨᠢ

ᠲᠣᠬᠢᠷᠠᠭᠤᠯᠤᠨ ᠰᠡᠷᠭᠡᠶᠢᠯᠡᠯᠲᠡ ᠪᠠᠶᠢᠷᠢᠯᠠᠭᠤᠯᠵᠤ᠂ ᠬᠡᠷᠡᠭᠴᠡᠭᠡ ᠶᠢᠨ ᠪᠠᠶᠢᠳᠠᠯ ᠳᠤᠨᠢ ᠲᠣᠬᠢᠷᠠᠭᠤᠯᠤᠨ ᠪᠠᠶᠢᠭᠤᠯᠵᠤ᠂ ᠭᠠᠯ ᠰᠡᠷᠭᠡᠶᠢᠯᠡᠬᠦ ᠬᠡᠷᠡᠭᠴᠡᠭᠡ ᠱᠠᠭᠠᠷᠳᠠᠯᠭ᠎ᠠ ᠳᠤ

ᠲᠣᠬᠢᠷᠠᠭᠰᠠᠨ᠂ ᠪᠠᠶᠢᠷᠢᠰᠢᠯ ᠨᠢ ᠵᠦᠶ ᠵᠣᠬᠢᠰᠲᠠᠶ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃

     — — ᠲᠤᠰᠬᠠᠶᠢᠵᠢᠭᠤᠯᠬᠤ ᠪᠠᠷ ᠭᠤᠣᠯ ᠪᠣᠯᠭᠠᠵᠤ᠂ ᠲᠤᠰᠬᠠᠶᠢᠵᠢᠭᠰᠠᠨ ᠪᠠ ᠤᠯᠠᠨ ᠲᠦᠮᠡᠨᠴᠢ ᠴᠢᠨᠠᠷ ᠢ ᠤᠶᠠᠯᠳᠤᠭᠤᠯᠤᠨ᠎ᠠ᠃ ᠲᠤᠰᠬᠠᠶ ᠡᠩᠨᠡᠭᠡ ᠶᠢᠨ

ᠪᠠᠶᠢᠭᠤᠯᠤᠯᠲᠠ ᠶᠢ ᠣᠷᠣᠨ ᠪᠦᠰᠡ᠂ ᠲᠥᠷᠥᠯ ᠢᠯᠭᠠᠯ ᠬᠤᠪᠢᠶᠠᠨ ᠭᠤᠤᠯᠳᠠᠯᠭ᠎ᠠ ᠲᠠᠢ ᠠᠬᠢᠭᠤᠯᠵᠤ᠂ ᠡᠯ᠎ᠡ ᠲᠥᠷᠥᠯ ᠤᠨ ᠬᠠᠭᠠᠰ ᠲᠤᠰᠬᠠᠶᠢᠵᠢᠭᠰᠠᠨ ᠪᠠ ᠣᠯᠠᠨ

ᠲᠦᠮᠡᠨᠴᠢ ᠴᠢᠨᠠᠷᠲᠠᠶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠡᠩᠨᠡᠭᠡ ᠪᠠᠷ ᠭᠤᠤᠯ ᠴᠣᠭᠴᠠ ᠪᠣᠯᠭᠠᠭᠰᠠᠨ ᠬᠠᠭᠠᠰ ᠲᠤᠰᠬᠠᠶᠢᠵᠢᠭᠰᠠᠨ ᠪᠠ

ᠣᠯᠠᠨ ᠲᠦᠮᠡᠨᠴᠢ ᠴᠢᠨᠠᠷᠲᠠᠶ ᠡᠩᠨᠡᠭᠡ ᠶᠢ ᠬᠠᠷᠢᠯᠴᠠᠨ ᠤᠶᠠᠯᠳᠤᠭᠤᠯᠤᠭᠰᠠᠨ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃

     — — ᠬᠠᠮᠠᠭᠠᠯᠠᠬᠤ ᠪᠠ ᠰᠡᠷᠭᠡᠶᠢᠯᠡᠬᠦ ᠶᠢ ᠤᠶᠠᠯᠳᠤᠭᠤᠯᠵᠤ᠂ ᠡᠩ ᠤᠨ ᠦᠶ᠎ᠡ ᠪᠠ ᠲᠠᠶᠢᠨ ᠤ ᠦᠶ᠎ᠡ ᠶᠢ ᠬᠤᠣᠰᠯᠠᠭᠤᠯᠤᠨ᠎ᠠ᠃ ᠣᠶ ᠰᠢᠭᠤᠶ ᠶᠢ

ᠲᠣᠭᠤᠷᠢᠨ ᠬᠠᠮᠠᠭᠠᠯᠠᠬᠤ᠂ ᠡᠳᠦᠷ ᠲᠤᠲᠤᠮ ᠤᠨ ᠲᠡᠶᠢᠨ ᠤ ᠪᠡᠯᠡᠳᠬᠡᠯ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠲᠡᠶᠢᠨ ᠤ ᠪᠡᠯᠡᠳᠬᠡᠯ ᠢᠶᠠᠷ ᠳᠠᠶᠢᠴᠢᠯᠠᠬᠤ᠂ ᠬᠡᠮ

ᠰᠣᠭᠤᠭ ᠢ ᠵᠢᠭᠰᠠᠭᠠᠨ ᠪᠠᠶᠢᠴᠠᠭᠠᠬᠤ᠂ ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠲᠤᠬᠠᠢ ᠶᠢᠨ ᠭᠠᠵᠠᠷ ᠲᠤᠨᠢ ᠰᠠᠬᠢᠨ ᠰᠠᠭᠤᠬᠤ᠂ ᠭᠠᠯ ᠰᠡᠷᠭᠡᠶᠢᠯᠡᠬᠦ

ᠪᠠᠶᠢᠴᠠᠭᠠᠯᠲᠠ᠂ ᠤᠬᠠᠭᠤᠯᠭ᠎ᠠ ᠬᠥᠮᠦᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠡᠷᠲᠡ ᠰᠢᠢᠳᠪᠦᠷᠢᠯᠡᠬᠦ ᠪᠠ ᠭᠠᠯ ᠢ

ᠰᠡᠷᠭᠡᠶᠢᠯᠡᠨ ᠤᠨᠲᠠᠷᠠᠭᠠᠬᠤ ᠵᠡᠷᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠯ ᠲᠠᠢ ᠪᠣᠯ ᠭᠠᠯ ᠢ ᠤᠨᠲᠠᠷᠠᠭᠠᠬᠤ᠂ ᠭᠠᠯ ᠥᠬᠡᠶ ᠪᠠᠷ ᠭᠠᠯ ᠢ ᠰᠡᠷᠭᠡᠶᠢᠯᠡᠬᠦ

︾ ᠲᠣᠭᠤᠷᠢᠨ ᠰᠡᠷᠭᠡᠶᠢᠯᠡᠬᠦ ᠲᠡᠶᠢᠨ ᠤ ᠪᠡᠯᠡᠳᠬᠡᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃

     ︵ᠭᠤᠷᠪᠠ︶ ᠪᠥᠳᠥᠭᠡᠨ ᠪᠠᠶᠢᠭᠤᠯᠬᠤ ᠬᠠᠷᠠᠯᠲᠠ

     ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠣᠭᠲᠠᠯᠴᠠᠭ᠎ᠠ ᠶᠢ ᠪᠠᠶᠢᠭᠤᠯᠤᠨ

ᠪᠦᠷᠢᠨᠰᠢᠭᠦᠯᠬᠦ ᠪᠠᠷ ᠬᠠᠷᠠᠯᠲᠠ ᠪᠣᠯᠭᠠᠵᠤ᠂ ︽ᠬᠤᠲᠠ ᠶᠢᠨ ᠲᠣᠰ ᠱᠠᠲᠤᠨ ᠤ ᠬᠢᠨ ᠬᠥᠳᠡᠯᠦᠩᠭᠦᠶ ᠪᠠᠷ ᠲᠤᠰᠠᠯᠠᠬᠤ᠂ ᠬᠤᠰᠢᠭᠤ ᠲᠣᠭᠤᠷᠢᠭ ᠤᠨ ᠲᠣᠰ ᠱᠠᠲᠤᠨ ᠤ

 ᠬᠢᠨ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ᠂ ᠰᠤᠮᠤ ᠰᠢᠶᠠᠩ ᠪᠠᠯᠭᠠᠰᠤ ᠶᠢᠨ ᠬᠢᠨ ᠣᠯᠠᠨ ᠢᠶᠠᠷ ᠢᠶᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ︾ ᠶᠡᠷᠦᠩᠬᠡᠶ

ᠪᠥᠲᠥᠭᠡᠨ ᠪᠠᠶᠢᠭᠤᠯᠤᠯᠲᠠ ᠶᠢᠨ ᠰᠡᠳᠬᠢᠴᠡ ᠶᠣᠰᠣᠭᠠᠷ᠂ ᠪᠥᠬᠦ ᠬᠤᠲᠠ ᠶᠢᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ

ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 2023 ᠣᠨ ᠪᠣᠯᠬᠤ ᠳᠤ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠳᠠᠯᠠᠳ

ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠦᠰᠢᠨ ᠬᠤᠰᠢᠭᠤ ᠪᠣᠯᠤᠨ ᠬᠠᠩᠭᠢᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ

ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠬᠤᠲᠠ ᠶᠢᠨ ᠲᠣᠰ

ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠥᠳᠡᠯᠥᠩᠭᠦᠢ ᠪᠡᠯᠡᠳᠬᠡᠯ ᠠᠩᠭᠢ ᠶᠢ ᠪᠠᠶᠢᠭᠤᠯᠤᠨ᠎ᠠ︔

2024 ᠣᠨ ᠪᠣᠯᠬᠤ ᠳᠤ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠪᠠ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠶᠢᠨ ᠲᠤᠰᠬᠠᠶ

ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠣᠶ ᠰᠢᠭᠤᠶ ᠨᠤᠲᠤᠭ ᠪᠡᠯᠴᠢᠭᠡᠷ ᠢᠶᠠᠷ ᠭᠤᠤᠯ ᠴᠣᠭᠴᠠ ᠪᠣᠯᠭᠠᠭᠰᠠᠨ

ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠨᠥᠬᠦᠴᠡᠯ ᠪᠥᠷᠢᠳᠦᠭᠰᠡᠨ ᠣᠶ ᠰᠢᠭᠤᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ ᠶᠢᠨ ᠭᠠᠯ ᠲᠦᠢᠮᠡᠷ ᠢ

ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶ ᠡᠩᠨᠡᠭᠡ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ︔ 2025 ᠣᠨ

ᠪᠣᠯᠬᠤ ᠳᠤ ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠥᠳᠡᠯᠥᠩᠭᠦᠢ ᠪᠡᠯᠡᠳᠬᠡᠯ

ᠠᠩᠭᠢ᠂ ᠬᠤᠰᠢᠭᠤ ᠲᠣᠭᠤᠷᠢᠭ ᠤᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ

ᠡᠩᠨᠡᠭᠡ ᠪᠠᠷ ᠭᠤᠤᠯ ᠴᠣᠭᠴᠠ ᠪᠣᠯᠭᠠᠵᠤ᠂ ᠰᠤᠮᠤ ᠰᠢᠶᠠᠩ ᠪᠠᠯᠭᠠᠰᠤ ᠵᠡᠷᠭᠡ ᠬᠠᠭᠠᠰ ᠲᠤᠰᠬᠠᠶᠢᠵᠢᠭᠰᠠᠨ ᠡᠩᠨᠡᠭᠡ ᠪᠠ ᠭᠠᠴᠠᠭ᠎ᠠ ᠲᠣᠰᠬᠤᠨ ᠤ ᠣᠯᠠᠨ ᠲᠦᠮᠡᠨᠴᠢ

ᠴᠢᠨᠠᠷᠲᠠᠶ ᠡᠩᠨᠡᠭᠡ ᠶᠢ ᠬᠠᠷᠢᠯᠴᠠᠨ ᠤᠶᠠᠯᠳᠤᠭᠤᠯᠤᠭᠰᠠᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠣᠭᠲᠠᠯᠴᠠᠭ᠎ᠠ ᠶᠢ ᠦᠨᠳᠦᠰᠦᠨ ᠳᠡᠭᠡᠨ

ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠡᠷᠲᠡ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ

ᠳᠡᠭᠡᠭᠰᠢᠯᠡᠭᠦᠯᠦᠨ᠎ᠡ᠃

     ᠬᠤᠶᠠᠷ᠂ ᠡᠩᠨᠡᠭᠡᠨ ᠤ ᠲᠥᠷᠥᠯ ᠢᠯᠭᠠᠯ ᠪᠠ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ

     ︵ᠨᠢᠭᠡ︶ ᠡᠩᠨᠡᠭᠡᠨ ᠤ ᠲᠦᠷᠦᠯ ᠢᠯᠭᠠᠯ

     1. ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ᠃ ᠣᠶ ᠰᠢᠭᠤᠶ ᠨᠤᠲᠤᠭ ᠪᠡᠯᠴᠢᠭᠡᠷ ᠤᠨ

ᠭᠠᠯ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠠᠶᠤᠯ ᠢ ᠰᠡᠷᠭᠡᠶᠢᠯᠡᠬᠦ ᠪᠠ ᠰᠢᠢᠳᠪᠦᠷᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠭᠤᠤᠯ ᠪᠣᠯᠭᠠᠵᠤ

᠂ ︽ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠭᠰᠡᠨ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ᠂ ᠪᠣᠯᠪᠠᠰᠤᠷᠠᠯ ᠰᠠᠶᠢᠲᠠᠶ᠂ ᠬᠠᠮᠢᠶᠠᠷᠤᠯᠲᠠ

ᠵᠢᠷᠤᠮᠵᠢᠯ ᠲᠠᠢ᠂ ᠲᠣᠨᠤᠭ ᠲᠥᠬᠦᠭᠡᠷᠦᠮᠵᠢ ᠪᠦᠷᠢᠨ ᠰᠠᠶᠢᠨ᠂ ᠲᠦᠷᠭᠡᠨ ᠲᠤᠰᠬᠠᠯᠲᠠ ᠬᠢᠬᠦ᠂ ᠪᠠᠶᠢᠯᠳᠤᠬᠤ ᠳᠠᠭᠠᠨ ᠴᠢᠳᠠᠮᠠᠭᠠᠶ︾ ᠪᠠᠶᠢᠬᠤ ᠱᠠᠭᠠᠷᠳᠠᠯᠭ᠎ᠠ ᠶᠣᠰᠣᠭᠠᠷ

ᠡᠩᠨᠡᠭᠡ ᠪᠠᠶᠢᠭᠤᠯᠵᠤ᠂ ᠨᠡᠯᠢᠶᠡᠳ ᠪᠦᠷᠢᠨ ᠲᠡᠭᠦᠯᠳᠡᠷ ᠬᠠᠲᠠᠭᠤ ᠲᠣᠨᠤᠭ ᠲᠥᠬᠦᠭᠡᠷᠦᠮᠵᠢ ᠪᠠ ᠭᠠᠯ ᠤᠨᠲᠠᠷᠠᠭᠠᠬᠤ ᠮᠠᠰᠢᠨ ᠪᠠᠭᠠᠵᠢ ᠲᠣᠨᠣᠭᠯᠠᠯ ᠲᠠᠢ ᠪᠠᠶᠢᠵᠤ᠂

ᠠᠵᠢᠯᠲᠠᠨ ᠬᠠᠷᠢᠴᠠᠩᠭᠤᠶ ᠲᠣᠭᠲᠠᠪᠤᠷᠢᠲᠠᠶ᠂ ᠲᠣᠭᠲᠠᠪᠤᠷᠢᠲᠠᠶ ᠵᠠᠷᠤᠳᠠᠯ ᠲᠠᠢ ᠪᠠᠶᠢᠬᠤ ᠬᠡᠷᠡᠭᠲᠡᠢ᠃ ᠭᠠᠯ ᠰᠡᠷᠭᠡᠶᠢᠯᠡᠬᠦ ᠬᠤᠭᠤᠴᠠᠭᠠᠨ ᠳᠤ ᠲᠤᠬᠠᠢ ᠶᠢᠨ ᠭᠠᠵᠠᠷ ᠲᠤᠨᠢ

ᠰᠠᠬᠢᠨ ᠰᠠᠭᠤᠬᠤ᠂ ᠲᠥᠪᠯᠡᠷᠡᠭᠦᠯᠦᠨ ᠢᠳᠡᠭᠦᠯᠵᠦ ᠰᠠᠭᠤᠯᠭᠠᠬᠤ᠂ ᠴᠡᠷᠡᠭᠵᠢᠭᠦᠯᠦᠨ ᠬᠠᠮᠢᠶᠠᠷᠬᠤ ᠶᠢ ᠬᠡᠷᠡᠭᠵᠢᠭᠦᠯᠵᠦ᠂ ᠶᠡᠭᠡ ᠰᠠᠯᠬᠢ᠂ ᠥᠨᠳᠥᠷ ᠳᠤᠯᠠᠭᠠᠨ᠂

ᠦᠷᠭᠦᠯᠵᠢᠯᠡᠭᠰᠡᠨ ᠭᠠᠩ ᠬᠠᠭᠰᠠᠷᠠᠭᠠᠨ ᠵᠡᠷᠭᠡ ᠭᠠᠯ ᠤᠨ ᠠᠶᠤᠯ ᠶᠡᠬᠡᠲᠡᠢ ᠴᠠᠭ ᠠᠭᠤᠷ ᠲᠤ ᠪᠥᠬᠦ ᠡᠳᠦᠷ ᠢᠶᠠᠷ ᠢᠶᠠᠨ ᠪᠠᠶᠢᠯᠳᠤᠭᠠᠨ ᠤ ᠪᠠᠶᠢᠳᠠᠯ ᠳᠤ ᠪᠠᠶᠢᠬᠤ ᠶᠢ

ᠪᠠᠲᠤᠯᠠᠵᠤ᠂ ᠪᠥᠬᠦ ᠴᠠᠭ ᠢᠶᠠᠷ ᠰᠡᠷᠡᠮᠵᠢᠯᠡᠨ ᠳᠠᠭᠠᠯᠲᠠ ᠬᠢᠬᠦ ᠶᠢ ᠪᠠᠲᠤᠯᠠᠨ᠎ᠠ᠃ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠬᠠᠮᠠᠭᠠᠯᠠᠬᠤ᠂ ᠤᠬᠠᠭᠤᠯᠬᠤ᠂

ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠭᠦᠷᠭᠡ ᠶᠢ ᠭᠦᠢᠴᠡᠳᠭᠡᠬᠦ ᠶᠢ ᠡᠳᠦᠷ

ᠲᠣᠲᠣᠮ ᠬᠠᠷᠢᠭᠤᠴᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠤᠰᠤ ᠬᠤᠭᠤᠴᠠᠭᠠᠨ ᠳᠤ ᠬᠡᠷᠡᠭᠴᠡᠭᠡ ᠪᠠᠨ ᠦᠨᠳᠦᠰᠦᠯᠡᠨ ᠣᠶ ᠰᠢᠭᠤᠶ

ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ᠂ ᠦᠢᠯᠡᠳᠪᠦᠷᠢᠯᠡᠯ ᠡᠵᠡᠩᠨᠡᠯᠲᠡ ᠵᠡᠷᠭᠡ ᠠᠵᠢᠯ ᠢ ᠡᠷᠭᠢᠯᠡᠨ᠎ᠡ᠃ ᠬᠤᠲᠠ ᠬᠤᠰᠢᠭᠤ ᠬᠤᠶᠠᠷ

ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠠᠮᠢᠶᠠᠷᠤᠨ᠎ᠠ᠃

     2. ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ᠃ ᠣᠶ ᠰᠢᠭᠤᠶ

ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠭᠤᠤᠯ ᠪᠣᠯᠭᠠᠵᠤ᠂ ᠰᠡᠷᠭᠡᠶᠢᠯᠡᠬᠦ ᠪᠠᠷ ᠬᠠᠪᠰᠤᠷᠤᠮᠵᠢ ᠪᠣᠯᠭᠠᠨ᠎ᠠ᠃ ᠵᠢᠯ ᠪᠦᠷᠢ ᠵᠣᠬᠢᠬᠤ

ᠬᠤᠭᠤᠴᠠᠭᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠵᠦ᠂ ᠵᠣᠬᠢᠶᠠᠨ ᠪᠠᠶᠢᠭᠤᠯᠤᠯᠲᠠ ᠲᠠᠢ᠂ ᠪᠠᠲᠤᠯᠠᠭ᠎ᠠ ᠲᠠᠢ᠂ ᠠᠵᠢᠯᠲᠠᠨ ᠬᠠᠷᠢᠴᠠᠩᠭᠤᠶ ᠲᠥᠪᠯᠡᠷᠡᠵᠦ᠂

ᠨᠡᠯᠢᠶᠡᠳ ᠰᠠᠶᠢᠨ ᠭᠠᠯ ᠤᠨᠲᠠᠷᠠᠭᠠᠬᠤ ᠮᠡᠷᠭᠡᠵᠢᠯ ᠪᠠ ᠲᠣᠨᠤᠭ ᠲᠥᠬᠦᠭᠡᠷᠦᠮᠵᠢ ᠲᠠᠢ ᠪᠠᠶᠢᠬᠤ ᠬᠡᠷᠡᠭᠲᠡᠢ᠃ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠪᠤᠶᠤ ᠭᠠᠯ

ᠬᠤᠷᠢᠭᠠᠲᠠᠶ ᠬᠤᠭᠤᠴᠠᠭᠠᠨ ᠳᠤ ᠲᠥᠪᠯᠡᠷᠡᠭᠦᠯᠦᠨ ᠢᠳᠡᠭᠦᠯᠵᠦ ᠰᠠᠭᠤᠯᠭᠠᠵᠤ᠂ ᠴᠡᠷᠢᠭᠵᠢᠭᠦᠯᠦᠨ ᠬᠠᠮᠢᠶᠠᠷᠤᠨ᠎ᠠ᠃ ᠠᠵᠢᠯᠲᠠᠨ ᠢ ᠤᠯᠤᠰ ᠤᠨ ᠥᠮᠴᠢᠯᠡᠯᠲᠦ ᠣᠶ

ᠰᠢᠭᠤᠶ ᠶᠢᠨ ᠲᠠᠯᠠᠪᠠᠶ ︵ᠡᠯᠡᠰᠦ ᠵᠠᠰᠠᠬᠤ ᠥᠷᠲᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠯᠤᠰ ᠤᠨ ᠴᠡᠴᠡᠷᠯᠢᠭ ᠵᠡᠷᠭᠡ ᠣᠶ ᠰᠢᠭᠤᠶ ᠨᠤᠲᠤᠭ

ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠺᠠᠳ᠋ᠷ ᠠᠵᠢᠯᠲᠠᠨ᠂ ᠣᠶ ᠰᠢᠭᠤᠶ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯᠲᠠᠨ ᠪᠠ

ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠂ ᠪᠡᠯᠡᠳᠬᠡᠯ ᠠᠯᠪᠠ ᠶᠢᠨ ᠳᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ

ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠪᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠡᠷᠭᠡ ᠪᠠᠷ ᠪᠦᠷᠢᠯᠳᠦᠭᠦᠯᠦᠨ᠎ᠡ᠃ ᠤᠯᠤᠰ ᠤᠨ

ᠥᠮᠴᠢᠯᠡᠯᠳᠤ ᠤᠢ ᠰᠢᠭᠤᠶ ᠶᠢᠨ ᠲᠠᠯᠠᠪᠠᠢ ︵ᠡᠯᠡᠰᠦ ᠵᠠᠰᠠᠬᠤ ᠦᠷᠳᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠤᠢ

ᠰᠢᠭᠤᠶ ᠶᠢᠨ ᠴᠡᠴᠡᠷᠯᠢᠭ᠂ ᠠᠮᠢ ᠠᠬᠤᠶ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠤᠢ ᠰᠢᠭᠤᠶ ᠶᠢᠨ ᠵᠠᠬ᠎ᠠ ᠬᠢᠵᠠᠭᠠᠷ ᠤᠨ ᠣᠷᠣᠨ᠂ ᠪᠠᠶᠢᠭᠤᠯᠵᠤ ᠪᠠᠶᠢᠭ᠎ᠠ

ᠪᠠᠷᠢᠯᠭ᠎ᠠ ᠵᠡᠷᠭᠡ ᠬᠦᠮᠦᠨ ᠣᠯᠠᠨᠲᠠᠢ ᠴᠢᠬᠤᠯᠠ ᠭᠠᠵᠠᠷ ᠲᠠᠯᠠᠪᠤᠷ ᠪᠣᠯᠤᠨ ᠭᠤᠣᠯᠳᠠᠯᠭ᠎ᠠ ᠲᠠᠢ ᠬᠡᠰᠡᠭ ᠤᠨ ᠭᠠᠯ ᠤᠨ ᠠᠶᠤᠯ ᠤᠨ ᠭᠡᠮ ᠰᠣᠭᠤᠭ ᠢ ᠵᠢᠭᠰᠠᠭᠠᠨ

ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠡᠳᠦᠷ ᠲᠤᠲᠤᠮ ᠬᠠᠷᠢᠭᠤᠴᠠᠵᠤ᠂ ᠬᠤᠯᠪᠣᠭᠳᠠᠯ ᠪᠥᠬᠦᠢ ᠨᠢᠭᠡᠴᠡ ᠳᠤ ᠬᠠᠷᠢᠭᠤ ᠲᠤᠰᠬᠠᠬᠤ ᠶᠢᠨ ᠬᠠᠮᠲᠤ ᠲᠡᠳᠡᠨ ᠢ

ᠵᠢᠯᠣᠭᠤᠳᠴᠤ ᠪᠠᠶᠢᠭᠠᠳ ᠠᠰᠠᠭᠤᠳᠠᠯ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠯᠭᠡᠨ᠎ᠡ᠃ ᠭᠠᠯ ᠲᠦᠢᠮᠡᠷ ᠤᠨ ᠪᠠᠶᠢᠳᠠᠯ ᠤᠨ ᠡᠭᠦᠷᠭᠡ ᠶᠢ

ᠬᠥᠯᠢᠶᠡᠨ ᠠᠪᠤᠭᠰᠠᠨ ᠤ ᠲᠠᠷᠠᠭ᠎ᠠ ᠳᠠᠷᠤᠶ ᠳᠤᠨᠢ ᠲᠤᠬᠠᠶ ᠶᠢᠨ ᠲᠠᠯᠠᠪᠠᠢ ᠳᠤ ᠬᠦᠷᠴᠦ ᠠᠩᠬᠠᠨ ᠤ  ᠬᠤᠭᠤᠴᠠᠭᠠᠨ ᠤ ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ

ᠬᠠᠮᠲᠤ ᠲᠤᠰᠬᠠᠶ ᠠᠵᠢᠯ ᠤᠨ ᠡᠩᠨᠡᠭᠡ ᠶᠢ ᠬᠠᠪᠰᠤᠷᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠬᠤᠰᠢᠭᠤ

ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ

ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ

ᠵᠡᠷᠭᠡ ᠠᠴᠠ ᠬᠠᠷᠢᠭᠤᠴᠠᠨ ᠬᠠᠮᠢᠶᠠᠷᠤᠨ᠎ᠠ᠃

     3. ᠤᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠤᠯᠠᠨ ᠲᠦᠮᠡᠨᠴᠢ ᠴᠢᠨᠠᠷᠲᠠᠶ ᠡᠩᠨᠡᠭᠡ᠃ ᠪᠠᠶᠢᠭᠤᠯᠭ᠎ᠠ᠂

ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ᠂ ᠠᠵᠢᠯᠳᠠᠨ ᠵᠢᠴᠢ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠳ ᠤᠨ ᠳᠣᠲᠣᠷᠠᠬᠢ ᠵᠠᠯᠠᠭᠤ

ᠢᠳᠡᠷᠴᠦᠳ ᠢᠶᠠᠷ ᠭᠤᠣᠯ ᠪᠣᠯᠭᠠᠵᠤ᠂ ᠴᠢᠬᠤᠯᠠ ᠪᠥᠬᠦᠢ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠠ ᠠᠶᠤᠯᠭᠦᠢ ᠶᠢᠨ ᠮᠡᠳᠡᠯᠭᠡ ᠶᠢᠨ

ᠪᠣᠯᠪᠠᠰᠤᠷᠠᠯ ᠢᠶᠠᠷ ᠳᠠᠮᠵᠢᠭᠤᠯᠵᠤ᠂ ᠴᠢᠬᠤᠯᠠ ᠪᠥᠬᠦᠢ ᠭᠠᠯ ᠤᠨᠲᠠᠷᠠᠭᠠᠬᠤ ᠮᠠᠰᠢᠨ ᠪᠠᠭᠠᠵᠢ ᠪᠣᠯᠤᠨ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ ᠶᠢ

ᠲᠦᠬᠦᠷᠵᠢᠭᠦᠯᠦᠭᠰᠡᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠪᠣᠯᠤᠨ᠎ᠠ᠃ ᠭᠤᠣᠯᠳᠠᠭᠤ ᠤᠢ ᠰᠢᠭᠤᠶ ᠨᠤᠲᠤᠭ ᠪᠡᠯᠴᠢᠭᠡᠷ ᠤᠨ ᠠᠩᠬᠠᠨ ᠤ

ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠪᠠ ᠭᠠᠯ ᠤᠨᠲᠠᠷᠠᠭᠠᠬᠤ ᠳᠤ ᠵᠠᠮ ᠳᠠᠭᠠᠭᠤᠯᠬᠤ᠂ ᠭᠠᠯ ᠤᠨᠲᠠᠷᠠᠭᠠᠬᠤ ᠪᠠᠷᠠᠭ᠎ᠠ ᠲᠡᠭᠡᠭᠡᠪᠦᠷᠢᠯᠡᠬᠦ᠂ ᠠᠷᠤ ᠲᠠᠯ᠎ᠠ ᠶᠢᠨ 

ᠦᠢᠯᠡᠴᠢᠯᠡᠭᠡᠨ ᠬᠠᠩᠭᠠᠬᠤ᠂ ᠭᠠᠯ ᠲᠦᠢᠮᠡᠷ ᠤᠨ ᠲᠠᠯᠠᠪᠠᠢ ᠶᠢ ᠴᠡᠪᠡᠷᠯᠡᠬᠦ ᠪᠠ ᠰᠠᠬᠢᠬᠤ ᠳᠤ ᠣᠷᠣᠯᠴᠠᠬᠤ ᠵᠡᠷᠭᠡ ᠡᠭᠦᠷᠭᠡ ᠶᠢ ᠡᠭᠦᠷᠭᠡᠯᠡᠨ᠎ᠡ᠃ ᠬᠠᠮᠢᠶ᠎ᠠ ᠪᠥᠬᠦᠶ ᠣᠶ

ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠠ ᠭᠠᠴᠠᠭ᠎ᠠ ᠲᠣᠰᠬᠤᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠠᠮᠢᠶᠠᠷᠤᠨ᠎ᠠ᠃

     4. ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠡᠯᠡᠳᠬᠡᠯ ᠠᠩᠭᠢ᠃

ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠨᠢ ᠭᠠᠯ

ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠤᠬᠠᠭᠤᠯᠬᠤ᠂ ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ

ᠵᠠᠰᠠᠬᠤ ᠵᠡᠷᠭᠡ ᠡᠩ ᠤᠨ ᠡᠭᠦᠷᠭᠡ ᠶᠢ ᠡᠭᠦᠷᠭᠡᠯᠡᠬᠦ ᠠᠴᠠ ᠭᠠᠳᠠᠨ᠎ᠠ᠂ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠬᠤᠰᠢᠭᠤ ᠲᠣᠭᠤᠷᠢᠭ ᠢ ᠬᠠᠮᠵᠢᠨ

ᠭᠤᠤᠯᠳᠠᠯᠭ᠎ᠠ ᠲᠠᠢ ᠣᠷᠣᠨ ᠪᠦᠰᠡ ᠳᠤ ᠰᠠᠬᠢᠨ ᠰᠠᠭᠤᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢ ᠥᠷᠨᠢᠭᠦᠯᠦᠨ᠎ᠡ᠃ ᠬᠤᠳᠠ ᠶᠢᠨ ᠤᠢ ᠰᠢᠭᠤᠶ

ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠤᠨ᠎ᠠ᠃   

     ︵ᠬᠤᠶᠠᠷ︶ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ

     1. ᠡᠩᠨᠡᠭᠡᠨ ᠤ ᠠᠵᠢᠯᠲᠠᠨ ᠤ ᠪᠠᠷᠢᠮᠵᠢᠶ᠎ᠠ

     ︵1︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ᠃ ︽ᠣᠶ ᠰᠢᠭᠤᠶ ᠶᠢᠨ ᠭᠠᠯ

ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠢᠷᠤᠮᠵᠢᠯ︾ ︵LY/T 2246 — 2014︶᠂ ︽

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ

ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠡᠩᠨᠡᠭᠡ ᠪᠠᠶᠢᠭᠤᠯᠬᠤ ᠪᠠᠷᠢᠮᠵᠢᠶ᠎ᠠ ᠶᠢ ᠦᠨᠳᠦᠰᠦᠯᠡᠵᠦ᠂ ︽ᠣᠶ ᠰᠢᠭᠤᠶ

ᠨᠤᠲᠤᠭ ᠪᠡᠯᠴᠢᠭᠡᠷ ᠤᠨ ᠰᠢᠰᠲ᠋ᠧᠮ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠡᠩᠨᠡᠭᠡ ᠶᠢᠨ ᠪᠥᠲᠥᠭᠡᠨ

ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠠᠨᠠᠯ︾ ︵ᠣᠶ ᠰᠢᠭᠤᠶ

ᠰᠡᠷᠭᠡᠶᠢᠯᠡᠯᠲᠡ ᠲᠠᠷᠬᠠᠭᠠᠭᠰᠠᠨ ﹇2022﹈ 88 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠡᠯ᠎ᠡ ᠬᠤᠰᠢᠭᠤ ᠲᠣᠭᠤᠷᠢᠭ ᠤᠨ ᠭᠠᠯ

ᠰᠡᠷᠭᠡᠶᠢᠯᠡᠬᠦ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠤᠯᠬᠢᠯᠠᠵᠤ᠂ ᠠᠳᠠᠯᠢ ᠪᠤᠰᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠤᠪᠢᠶᠠᠨ᠎ᠠ᠃

ᠳ᠋ᠦᠩᠱᠧᠩ ᠲᠣᠭᠤᠷᠢᠭ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ ᠨᠢ ᠨᠢᠭᠡᠳᠦᠭᠡᠷ ᠲᠥᠷᠥᠯ ᠤᠨ ᠡᠩᠨᠡᠭᠡ ᠪᠠᠶᠢᠭᠤᠯᠬᠤ

ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 100 ᠬᠥᠮᠦᠨ ᠠᠴᠠ ᠳᠡᠭᠡᠭᠰᠢ ᠪᠠᠶᠢᠯᠭᠠᠨ᠎ᠠ︔ ᠦᠦᠰᠢᠨ ᠬᠤᠰᠢᠭᠤ᠂ ᠬᠠᠩᠭᠢᠨ ᠬᠤᠰᠢᠭᠤ ᠪᠠ

ᠣᠲᠤᠭ ᠬᠤᠰᠢᠭᠤ ᠨᠢ ᠬᠤᠶᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 50 ᠬᠥᠮᠦᠨ ᠠᠴᠠ

ᠳᠡᠭᠡᠭᠰᠢ ᠪᠠᠶᠢᠯᠭᠠᠨ᠎ᠠ︔ ᠣᠲᠤᠭ ᠤᠨ ᠡᠮᠦᠨᠡᠲᠦ ᠬᠤᠰᠢᠭᠤ᠂ ᠬᠢᠶ᠎ᠠ ᠪᠠᠭᠰᠢ ᠲᠣᠭᠤᠷᠢᠭ ᠪᠠ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠨᠢ

ᠭᠤᠷᠪᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠪᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 25 ᠬᠥᠮᠦᠨ ᠠᠴᠠ ᠳᠡᠭᠡᠭᠰᠢ ᠪᠠᠶᠢᠯᠭᠠᠨ᠎ᠠ᠃

     ︵2︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ᠃ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾

︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ

ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ︵ᠡᠯᠡᠰᠦ ᠵᠠᠰᠠᠬᠤ

ᠥᠷᠲᠡᠭᠡ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠠᠮᠢ ᠠᠬᠤᠶ ᠶᠢᠨ ᠴᠡᠴᠡᠷᠯᠢᠭ᠂

ᠨᠤᠭᠤ ᠭᠠᠵᠠᠷ ᠤᠨ ᠴᠡᠴᠡᠷᠯᠢᠭ᠂ ᠭᠤᠤᠯᠳᠠᠯᠭ᠎ᠠ ᠲᠠᠢ ᠣᠶᠢᠲᠤ ᠣᠷᠣᠨ᠂ ᠡᠪᠡᠰᠦᠨ ᠲᠠᠯᠠᠪᠠᠢ ᠮᠠᠯᠵᠢᠯ ᠤᠨ ᠲᠠᠯᠠᠪᠠᠢ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ

ᠨᠢᠭᠡᠴᠡ ᠨᠦᠭᠦᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ ᠬᠠᠭᠠᠰ ᠲᠤᠰᠬᠠᠶᠢᠵᠢᠭᠰᠠᠨ ᠣᠶ

ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠩᠨᠡᠭᠡ ᠪᠠᠶᠢᠭᠤᠯᠬᠤ ᠬᠡᠪᠴᠢᠶ᠎ᠡ ᠶᠢ

15 ᠬᠥᠮᠦᠨ ᠠᠴᠠ ᠳᠡᠭᠡᠭᠰᠢ ᠪᠠᠶᠢᠯᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠠᠶᠢᠴᠠ ᠶᠢ ᠰᠠᠶᠢᠨ ᠮᠡᠳᠡᠳᠡᠭ 3 ᠵᠠᠮᠴᠢ ᠲᠣᠬᠢᠷᠠᠭᠤᠯᠤᠨ᠎ᠠ᠃ ᠭᠠᠯ ᠰᠡᠷᠭᠡᠶᠢᠯᠡᠵᠦ

ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠵᠡᠪᠰᠡᠭᠲᠦ ᠴᠠᠭᠳᠠᠭ᠎ᠠ᠂ ᠪᠡᠯᠡᠳᠬᠡᠯ ᠠᠯᠪᠠ ᠶᠢᠨ ᠴᠡᠷᠢᠭ᠂ ᠡᠷᠦᠬᠡ ᠶᠢᠨ ᠴᠡᠷᠢᠭ ᠤᠨ ᠡᠩᠨᠡᠭᠡ ᠪᠣᠯᠤᠨ ᠭᠤᠤᠯᠳᠠᠯᠭ᠎ᠠ ᠲᠠᠢ

ᠠᠵᠤ ᠠᠬᠤᠶᠢᠯᠠᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ

ᠬᠠᠮᠠᠭᠠᠯᠠᠬᠤ ᠬᠠᠭᠠᠰ ᠲᠤᠰᠬᠠᠶᠢᠵᠢᠭᠰᠠᠨ ᠪᠡᠯᠡᠳᠬᠡᠯ ᠬᠦᠴᠦᠨ ᠪᠣᠯᠤᠨ᠎ᠠ᠃

     ︵3︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠣᠯᠠᠨ ᠲᠦᠮᠡᠨᠴᠢ ᠴᠢᠨᠠᠷᠲᠠᠶ ᠡᠩᠨᠡᠭᠡ᠃ ᠭᠠᠴᠠᠭ᠎ᠠ

ᠲᠣᠰᠬᠤᠨ ᠪᠠ ᠣᠶ ᠰᠢᠭᠤᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠨᠢᠭᠡᠴᠡ ᠣᠶᠢᠲᠤ ᠭᠠᠵᠠᠷ ᠤᠨ ᠲᠠᠯᠠᠪᠠᠶ᠂ ᠭᠠᠯ ᠤᠨ ᠠᠶᠤᠯ ᠤᠨ

ᠲᠦᠭᠰᠢᠭᠦᠷᠢ ᠶᠢᠨ ᠲᠠᠰ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠭᠠᠯ ᠰᠡᠷᠭᠡᠶᠢᠯᠡᠵᠦ ᠤᠨᠲᠠᠷᠠᠭᠠᠬᠤ ᠬᠡᠷᠡᠭᠴᠡᠭᠡ ᠳᠤ ᠵᠣᠬᠢᠴᠠᠭᠰᠠᠨ ᠣᠶ ᠰᠢᠭᠤᠶ ᠨᠤᠲᠤᠭ

ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠣᠯᠠᠨ ᠲᠦᠮᠡᠨᠴᠢ ᠴᠢᠨᠠᠷᠲᠠᠶ ᠡᠩᠨᠡᠭᠡ ᠶᠢ ᠪᠠᠶᠢᠭᠤᠯᠵᠤ᠂ ᠡᠩᠨᠡᠭᠡ ᠪᠠᠶᠢᠭᠤᠯᠬᠤ ᠬᠡᠪᠴᠢᠶ᠎ᠡ ᠶᠢ

5 ᠠᠴᠠ 10 ᠬᠥᠮᠦᠨ ᠤ ᠳᠣᠲᠤᠷ᠎ᠠ ᠪᠠᠶᠢᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠲᠤᠰᠠᠯᠠᠬᠤ ᠬᠦᠴᠦᠨ ᠪᠣᠯᠭᠠᠨ᠎ᠠ᠃

     ︵4︶ ᠬᠤᠲᠠ ᠶᠢᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠡᠯᠡᠳᠬᠡᠯ ᠠᠩᠭᠢ᠃

ᠭᠤᠷᠪᠠᠳᠤᠭᠠᠷ ᠲᠥᠷᠥᠯ ᠤᠨ ᠡᠩᠨᠡᠭᠡ ᠪᠠᠶᠢᠭᠤᠯᠬᠤ ᠨᠢᠭᠡᠴᠡ ᠶᠢᠨ ᠪᠠᠷᠢᠮᠵᠢᠶ᠎ᠠ ᠶᠣᠰᠣᠭᠠᠷ᠂ ᠡᠩᠨᠡᠭᠡ ᠪᠠᠶᠢᠭᠤᠯᠬᠤ ᠬᠡᠪᠴᠢᠶ᠎ᠡ ᠶᠢ 15 ᠬᠥᠮᠦᠨ ᠠᠴᠠ ᠳᠡᠭᠡᠭᠰᠢ

ᠪᠠᠶᠢᠯᠭᠠᠵᠤ᠂ ᠭᠠᠯ ᠤᠨ ᠠᠶᠤᠯ ᠢ ᠰᠢᠢᠳᠪᠦᠷᠢᠯᠡᠬᠦ ᠬᠥᠳᠡᠯᠦᠩᠭᠦᠶ ᠲᠤᠰᠠᠯᠠᠬᠤ ᠬᠦᠴᠦᠨ ᠪᠣᠯᠭᠠᠨ᠎ᠠ᠃

     2. ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ

     ︵1︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠳᠤ ᠲᠤᠰᠬᠠᠶ ᠬᠤᠸᠠᠷᠠᠨ ᠲᠠᠢ

ᠪᠠᠶᠢᠪᠠᠯ ᠵᠣᠬᠢᠨ᠎ᠠ᠂ ᠲᠣᠭᠲᠠᠮᠠᠯ ᠬᠤᠸᠠᠷᠠᠨ ᠤ ᠲᠠᠯᠠᠪᠠᠶ ᠶᠢ ᠬᠥᠮᠦᠨ ᠪᠦᠷᠢ 20 — 30 ᠲᠡᠭᠰᠢ ᠳᠥᠷᠪᠡᠯᠵᠢᠨ ᠮᠧᠲᠷ ᠪᠠᠶᠢᠯᠭᠠᠵᠤ᠂ ᠬᠤᠸᠠᠷᠠᠨ ᠳᠤ

ᠬᠡᠪᠴᠢᠶ᠎ᠡ ᠪᠠᠷ ᠲᠣᠬᠢᠷᠠᠮᠵᠢᠲᠠᠶ ᠪᠣᠯᠪᠠᠰᠤᠷᠠᠯ ᠤᠨ ᠲᠠᠯᠠᠪᠤᠷ ᠲᠠᠢ ᠪᠠᠶᠢᠬᠤ ᠪᠥᠭᠡᠳ ᠪᠣᠯᠪᠠᠰᠤᠷᠠᠯ ᠤᠨ ᠪᠠᠭᠠᠵᠢ ᠬᠡᠷᠡᠭᠰᠡᠯ ᠢ ᠳᠣᠭᠢᠷᠠᠭᠤᠯᠤᠨ᠎ᠠ᠃

     ︵2︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠲᠤᠰᠬᠠᠶ ᠬᠤᠸᠠᠷᠠᠨ ᠳᠤ ᠠᠯᠪᠠᠨ

ᠬᠡᠷ᠂ ᠪᠣᠯᠪᠠᠰᠤᠷᠠᠯ ᠤᠨ ᠲᠠᠰᠤᠭ᠂ ᠬᠥᠳᠡᠯᠭᠡᠭᠡᠨ ᠤ ᠲᠠᠰᠤᠭ᠂ ᠬᠤᠭᠤᠯᠠᠨ ᠬᠡᠷ᠂ ᠪᠠᠶᠢᠷᠢ᠂ ᠲᠣᠨᠤᠭ ᠲᠥᠬᠦᠭᠡᠷᠦᠮᠵᠢ ᠶᠢᠨ ᠬᠥᠮᠥᠷᠭᠡ ᠵᠡᠷᠭᠡ ᠶᠢ ᠳᠣᠭᠢᠷᠠᠭᠤᠯᠬᠤ ᠶᠢᠨ

ᠬᠠᠮᠲᠤ ᠬᠡᠷᠡᠭᠴᠡᠭᠡ ᠪᠠᠨ ᠦᠨᠳᠦᠰᠦᠯᠡᠨ ᠲᠡᠷᠭᠡᠨ ᠬᠥᠮᠥᠷᠭᠡ ᠵᠢᠴᠢ ᠴᠢᠬᠤᠯᠠ ᠪᠥᠬᠦᠶ ᠳᠠᠭᠠᠯᠲᠠ ᠲᠥᠬᠦᠭᠡᠷᠦᠮᠵᠢ ᠶᠢ ᠳᠣᠭᠢᠷᠠᠭᠤᠯᠤᠨ ᠪᠠᠶᠢᠭᠤᠯᠤᠨ᠎ᠠ᠃

     ︵3︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠬᠤᠸᠠᠷᠠᠨ ᠤ ᠡᠭᠦᠳᠡᠨ ᠳᠤ

ᠢᠯᠡᠷᠬᠡᠶ ᠲᠡᠮᠳᠡᠭ ᠲᠠᠯᠪᠢᠵᠤ᠂ ᠬᠤᠸᠠᠷᠠᠨ ᠤ ᠭᠠᠵᠠᠷ ᠤᠨ ᠭᠠᠳᠠᠷᠭᠤ ᠶᠢ ᠬᠠᠲᠠᠭᠤᠷᠠᠭᠤᠯᠤᠨ ᠲᠡᠭᠰᠢᠯᠡᠵᠦ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ

ᠭᠤᠶᠤᠵᠢᠭᠤᠯᠤᠨ᠎ᠠ᠃

     ︵4︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠠᠭᠠᠰ ᠲᠤᠰᠬᠠᠶᠢᠵᠢᠭᠰᠠᠨ ᠡᠩᠨᠡᠭᠡ ᠨᠢ ᠪᠣᠳᠠᠲᠤ

ᠪᠠᠶᠢᠳᠠᠯ ᠢᠶᠠᠨ ᠦᠨᠳᠦᠰᠦᠯᠡᠨ ᠬᠤᠸᠠᠷᠠᠨ ᠬᠠᠩᠭᠠᠵᠤ ᠪᠣᠯᠤᠨ᠎ᠠ᠃

     3. ᠦᠨᠳᠦᠰᠦᠨ ᠲᠥᠬᠦᠭᠡᠷᠦᠮᠵᠢ ᠲᠣᠨᠣᠭᠯᠠᠯ ᠤᠨ ᠪᠠᠷᠢᠮᠵᠢᠶ᠎ᠠ

     ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠨᠢ ᠵᠣᠬᠢᠬᠤ ᠭᠠᠯ ᠤᠨᠲᠠᠷᠠᠭᠠᠬᠤ ᠮᠠᠰᠢᠨ

ᠪᠠᠭᠠᠵᠢ ᠲᠣᠨᠤᠭ ᠲᠥᠬᠦᠭᠡᠷᠦᠮᠵᠢ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠂ ᠣᠶᠤᠨᠴᠢ ᠴᠢᠮᠡᠭᠡ ᠬᠤᠯᠪᠣᠭ᠎ᠠ ᠪᠠ ᠲᠡᠭᠡᠭᠡᠪᠦᠷᠢ᠂ ᠭᠠᠯ

ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠭᠠᠯ ᠰᠡᠷᠭᠡᠶᠢᠯᠡᠬᠦ ᠲᠡᠷᠭᠡ ᠬᠥᠰᠬᠡ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ

ᠤᠬᠠᠭᠤᠯᠭ᠎ᠠ ᠬᠥᠮᠦᠵᠢᠯ ᠤᠨ ᠲᠥᠬᠦᠭᠡᠷᠦᠮᠵᠢ ᠵᠡᠷᠭᠡ ᠶᠢ ᠳᠣᠭᠢᠷᠠᠭᠤᠯᠵᠤ᠂ ᠪᠣᠳᠠᠲᠠᠶ ᠳᠣᠭᠢᠷᠠᠭᠤᠯᠬᠤ ᠪᠠᠷᠢᠮᠵᠢᠶ᠎ᠠ ᠶᠢ ︽ᠣᠶ ᠰᠢᠭᠤᠶ ᠶᠢᠨ ᠭᠠᠯ ᠰᠡᠷᠭᠡᠶᠢᠯᠡᠵᠦ ᠭᠠᠯ

ᠤᠨᠲᠠᠷᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ︵LY/T5009 — 2014︶ ᠪᠠᠷ ᠯᠠᠪᠯᠠᠯᠲᠠ ᠪᠣᠯᠭᠠᠨ᠎ᠠ᠃

︵ᠭᠤᠷᠪᠠ︶ ᠪᠥᠳᠥᠭᠡᠨ ᠪᠠᠶᠢᠭᠤᠯᠬᠤ ᠱᠠᠭᠠᠷᠳᠠᠯᠭ᠎ᠠ

     ᠡᠯ᠎ᠡ ᠬᠤᠰᠢᠭᠤ ᠲᠣᠭᠤᠷᠢᠭ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ

ᠪᠠᠷᠢᠮᠵᠢᠶ᠎ᠠ ᠪᠠ ᠱᠠᠭᠠᠷᠳᠠᠯᠭ᠎ᠠ ᠶᠢ ᠦᠨᠳᠦᠰᠦᠯᠡᠵᠦ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠨᠢᠭᠡᠳᠦᠯᠲᠡᠶ ᠲᠥᠯᠥᠪᠵᠢᠭᠦᠯᠬᠦ᠂ ᠠᠯᠬᠤᠮ

ᠬᠤᠪᠢᠶᠠᠨ ᠬᠡᠷᠡᠭᠵᠢᠭᠦᠯᠬᠦ᠂ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ︾ ᠵᠠᠷᠴᠢᠮ ᠶᠣᠰᠣᠭᠠᠷ᠂ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ

ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ 2024 ᠣᠨ ᠪᠣᠯᠬᠤ ᠳᠤ ᠠᠵᠢᠯᠲᠠᠨ ᠤ ᠡᠩᠨᠡᠭᠡ᠂ ᠰᠠᠭᠤᠷᠢ ᠪᠡᠯᠡᠳᠬᠡᠮᠵᠢ ᠲᠥᠬᠦᠭᠡᠷᠦᠮᠵᠢ ᠵᠡᠷᠭᠡ

ᠲᠠᠯ᠎ᠠ ᠪᠠᠷ ᠦᠨᠳᠦᠰᠦᠨ ᠳᠡᠭᠡᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠬᠦ ᠶᠢ ᠦᠨᠡᠨ ᠬᠦ ᠪᠠᠲᠤᠯᠠᠵᠤ᠂ ᠲᠣᠨᠤᠭ ᠲᠥᠬᠦᠭᠡᠷᠦᠮᠵᠢ ᠲᠦᠬᠦᠷᠵᠢᠭᠦᠯᠬᠦ ᠪᠠ

ᠬᠥᠳᠡᠯᠦᠩᠭᠦᠶ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ᠭᠠᠯ ᠤᠨᠲᠠᠷᠠᠭᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ︽ᠡᠷᠲᠡᠬᠡᠨ ᠤᠨᠲᠠᠷᠠᠭᠠᠬᠤ᠂

ᠪᠠᠭ᠎ᠠ ᠳᠡᠭᠡᠷ᠎ᠡ ᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ︾ ᠬᠡᠷᠡᠭᠴᠡᠭᠡ ᠶᠢ ᠬᠠᠩᠭᠠᠨ᠎ᠠ᠃

     ᠭᠤᠷᠪᠠ᠂ ᠬᠠᠷᠢᠭᠤᠴᠠᠯᠭᠠᠲᠤ ᠡᠭᠦᠷᠭᠡ

     ︵ᠨᠢᠭᠡ︶ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠃ ᠡᠯ᠎ᠡ ᠲᠥᠷᠥᠯ ᠤᠨ ᠡᠩᠨᠡᠭᠡ ᠨᠢ ᠨᠡᠶᠢᠭᠡᠮ ᠲᠣᠭᠤᠷᠢᠭ᠂ ᠠᠵᠤ ᠠᠬᠤᠶᠢᠯᠠᠯ᠂

ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠪᠠ ᠮᠠᠯᠴᠢᠨ ᠲᠠᠷᠢᠶᠠᠴᠢᠨ ᠡᠷᠦᠬᠡ ᠳᠤ ᠣᠷᠤᠬᠤ ᠵᠡᠷᠭᠡ ᠬᠡᠯᠪᠡᠷᠢ ᠶᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ

ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢ ᠲᠥᠭᠡᠮᠡᠯᠵᠢᠭᠦᠯᠵᠦ᠂ ᠠᠷᠠᠳ ᠣᠯᠠᠨ ᠤ ᠭᠠᠯ

ᠲᠦᠢᠮᠡᠷ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠭᠠᠯ ᠲᠦᠢᠮᠡᠷ ᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃

     ︵ᠬᠤᠶᠠᠷ︶ ᠭᠠᠯ ᠲᠦᠢᠮᠡᠷ ᠢ ᠰᠡᠷᠭᠡᠶᠢᠯᠡᠵᠦ ᠲᠣᠭᠤᠷᠢᠨ ᠬᠠᠮᠠᠭᠠᠯᠠᠬᠤ ᠪᠠ ᠭᠠᠯ ᠲᠦᠢᠮᠡᠷ ᠡᠭᠦᠰᠬᠦ ᠡᠬᠢ ᠢᠷᠡᠯᠲᠡ ᠶᠢ ᠬᠠᠮᠢᠶᠠᠷᠬᠤ᠃ ᠲᠤᠰᠬᠠᠶ

ᠡᠩᠨᠡᠭᠡ ᠶᠢᠨ ᠬᠢᠨ ᠭᠤᠤᠯᠳᠠᠯᠭ᠎ᠠ ᠲᠠᠢ ᠬᠤᠭᠤᠴᠠᠭ᠎ᠠ ᠬᠡᠰᠡᠭ᠂ ᠣᠷᠣᠨ ᠪᠦᠰᠡ ᠳᠤ ᠲᠣᠨᠤᠭ ᠲᠥᠬᠦᠭᠡᠷᠦᠮᠵᠢ ᠠᠪᠴᠤ ᠲᠣᠭᠤᠷᠢᠨ ᠬᠠᠮᠠᠭᠠᠯᠠᠬᠤ ᠠᠵᠢᠯᠯᠠᠭ᠎ᠠ

ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂

ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠣᠶ ᠰᠢᠭᠤᠶ ᠨᠤᠲᠤᠭ ᠪᠡᠯᠴᠢᠭᠡᠷ᠂ ᠣᠶ

ᠪᠡᠯᠴᠢᠭᠡᠷ ᠤᠶᠠᠯᠳᠤᠭᠰᠠᠨ ᠪᠦᠰᠡ᠂ ᠣᠶ  ᠲᠠᠷᠢᠶᠠᠯᠠᠩ ᠤᠶᠠᠯᠳᠤᠭᠰᠠᠨ ᠪᠦᠰᠡ᠂ ᠣᠶᠢᠲᠤ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠤᠬᠤ

ᠭᠠᠵᠠᠷ ᠲᠤ ᠭᠠᠯ ᠰᠡᠷᠭᠡᠶᠢᠯᠡᠬᠦ ᠪᠠᠶᠢᠴᠠᠭᠠᠯᠲᠠ ᠥᠷᠨᠢᠭᠦᠯᠵᠦ᠂ ᠡᠯ᠎ᠡ ᠲᠥᠷᠥᠯ ᠤᠨ ᠭᠠᠯ ᠲᠦᠢᠮᠡᠷ ᠡᠭᠦᠰᠭᠡᠬᠦ ᠢᠷᠡᠯᠲᠡ ᠶᠢᠨ ᠪᠤᠳᠠᠰ ᠢ ᠡᠷᠡᠰ ᠬᠤᠷᠢᠶᠠᠨ ᠠᠪᠤᠨ᠎ᠠ᠃

ᠲᠤᠰᠬᠠᠶ ᠪᠠ ᠬᠠᠭᠠᠰ ᠲᠤᠰᠬᠠᠶᠢᠵᠢᠭᠰᠠᠨ ᠡᠩᠨᠡᠭᠡ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠵᠡᠷᠭᠡ ᠲᠠᠢ ᠬᠠᠮᠵᠢᠯᠴᠠᠨ ᠣᠶ ᠰᠢᠭᠤᠶ ᠨᠤᠲᠤᠭ

ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃

     ︵ᠭᠤᠷᠪᠠ︶ ᠵᠢᠵᠢᠭᠦᠷᠯᠡᠨ ᠪᠡᠯᠡᠳᠬᠡᠬᠦ᠃ ᠲᠤᠰᠬᠠᠶ ᠡᠩᠨᠡᠭᠡ ᠳᠤ ᠵᠢᠵᠢᠭᠦᠷᠯᠡᠨ ᠰᠠᠬᠢᠬᠤ ᠲᠦᠷᠢᠮ ᠪᠠ 24 ᠴᠠᠭ ᠢᠶᠠᠷ ᠵᠢᠵᠢᠭᠦᠷᠯᠡᠨ ᠪᠡᠯᠡᠳᠭᠡᠬᠦ ᠶᠢ

ᠬᠡᠷᠡᠭᠵᠢᠭᠦᠯᠵᠦ᠂ ᠥᠨᠳᠥᠷ ᠳᠤᠯᠠᠭᠠᠨ᠂ ᠶᠡᠭᠡ ᠰᠠᠯᠬᠢ᠂ ᠦᠷᠭᠦᠯᠵᠢ ᠶᠢᠨ ᠭᠠᠩ ᠬᠠᠭᠰᠠᠷᠠᠭᠠᠨ ᠵᠡᠷᠭᠡ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠴᠠᠭ

ᠠᠭᠤᠷ ᠲᠤ ᠪᠠᠶᠢᠯᠳᠤᠭᠠᠨ ᠤ ᠪᠠᠶᠢᠳᠠᠯ ᠢ ᠪᠠᠲᠤᠯᠠᠵᠤ᠂ ᠤᠷᠢᠳᠴᠢᠯᠠᠨ ᠰᠡᠷᠡᠮᠵᠢᠯᠡᠭᠦᠯᠵᠦ ᠳᠠᠭᠠᠯᠲᠠ ᠬᠢᠬᠦ ᠲᠣᠭᠲᠠᠴᠠ ᠶᠢᠨ ᠱᠠᠭᠠᠷᠳᠠᠯᠭ᠎ᠠ ᠶᠣᠰᠣᠭᠠᠷ ᠲᠦᠭᠰᠢᠭᠦᠷᠢ ᠶᠢᠨ

ᠪᠠᠶᠢᠳᠠᠯ ᠢ ᠦᠨᠳᠦᠰᠦᠯᠡᠨ ᠰᠡᠷᠭᠡᠶᠢᠯᠡᠯᠲᠡ ᠪᠠᠶᠢᠷᠢᠯᠠᠭᠤᠯᠵᠤ᠂ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠡᠨᠡᠳᠲᠡ ᠶᠢᠨ ᠭᠠᠯ

ᠲᠦᠢᠮᠡᠷ ᠤᠨ ᠪᠠᠶᠢᠳᠠᠯ ᠭᠠᠯ ᠤᠨ ᠠᠶᠤᠯ ᠢ ᠠᠷᠭᠠᠴᠠᠭᠠᠬᠤ ᠪᠠᠷ ᠴᠠᠭ ᠢᠮᠠᠭᠲᠠ ᠪᠡᠯᠡᠬᠡᠨ ᠪᠠᠶᠢᠯᠭᠠᠨ᠎ᠠ᠃ ᠶᠡᠭᠡ ᠲᠦᠢᠮᠡᠷ ᠡᠭᠦᠰᠬᠦ ᠬᠦᠨᠳᠦ ᠠᠶᠤᠯ ᠤᠨ ᠪᠤᠰᠤ

ᠬᠤᠭᠤᠴᠠᠭᠠᠨ ᠳᠤ ᠡᠭᠡᠯᠵᠢᠯᠡᠬᠦ ᠲᠦᠷᠢᠮ ᠢ ᠬᠡᠷᠡᠭᠵᠢᠭᠦᠯᠵᠦ ᠪᠣᠯᠤᠨ᠎ᠠ᠂ ᠵᠢᠵᠢᠭᠦᠷᠯᠡᠨ ᠪᠡᠯᠡᠳᠬᠡᠬᠦ ᠠᠩᠭᠢ ᠶᠢᠨ ᠭᠡᠰᠢᠭᠦᠨ ᠤ ᠲᠤᠭ᠎ᠠ ᠶᠡᠷᠦᠩᠬᠡᠶ ᠲᠣᠭᠠᠨ ᠤ

50% ᠠᠴᠠ ᠪᠠᠭ᠎ᠠ ᠪᠠᠶᠢᠵᠤ ᠪᠣᠯᠬᠤ ᠥᠬᠡᠶ᠃

     ︵ᠲᠦᠷᠪᠡ︶ ᠲᠤᠬᠠᠢ ᠶᠢᠨ ᠭᠠᠵᠠᠷ ᠲᠤ ᠰᠠᠬᠢᠨ ᠰᠠᠭᠤᠬᠤ᠃ ᠲᠤᠰᠬᠠᠶ ᠡᠩᠨᠡᠭᠡ ᠨᠢ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠬᠤᠭᠤᠴᠠᠭᠠᠨ ᠳᠤ ᠭᠠᠯ

ᠰᠡᠷᠭᠡᠶᠢᠯᠡᠬᠦ ᠪᠣᠳᠠᠲᠤ ᠬᠡᠷᠡᠭᠴᠡᠭᠡ ᠪᠠᠨ ᠦᠨᠳᠦᠰᠦᠯᠡᠵᠦ ᠭᠤᠣᠯᠳᠠᠯᠭ᠎ᠠ ᠲᠠᠢ ᠣᠷᠣᠨ ᠪᠦᠰᠡ ᠳᠤ ᠲᠤᠬᠠᠢ ᠶᠢᠨ ᠭᠠᠵᠠᠷ ᠲᠤ ᠰᠠᠬᠢᠨ ᠰᠠᠭᠤᠬᠤ ᠵᠡᠷᠭᠡ ᠡᠭᠦᠷᠭᠡ ᠶᠢ

ᠭᠦᠢᠴᠡᠳᠭᠡᠵᠦ᠂ ᠭᠠᠯ ᠤᠨᠲᠠᠷᠠᠭᠠᠬᠤ ᠬᠦᠴᠦᠨ ᠢ ᠲᠤᠬᠠᠢ ᠶᠢᠨ ᠭᠠᠵᠠᠷ ᠲᠤ ᠬᠦᠷᠦᠭᠦᠯᠵᠦ᠂ ᠭᠠᠯ ᠲᠦᠢᠮᠡᠷ ᠤᠨ ᠪᠠᠶᠢᠳᠠᠯ ᠢ ᠡᠷᠲᠡ ᠣᠯᠵᠤ ᠮᠡᠳᠡᠬᠦ᠂ ᠡᠩᠨᠡᠭᠡ ᠶᠢ

ᠡᠷᠲᠡ ᠣᠷᠣᠨᠵᠢᠭᠤᠯᠵᠤ᠂ ᠭᠠᠯ ᠲᠦᠢᠮᠡᠷ ᠤᠨ ᠪᠠᠶᠢᠳᠠᠯ ᠢ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃

     ︵ᠲᠠᠪᠤ︶ ᠭᠠᠯ ᠲᠦᠢᠮᠡᠷ ᠤᠨ ᠪᠠᠶᠢᠳᠠᠯ ᠶᠢ ᠰᠢᠢᠳᠪᠦᠷᠢᠯᠡᠬᠦ᠃ ᠲᠤᠰᠬᠠᠶ ᠪᠠ ᠬᠠᠭᠠᠰ ᠲᠤᠰᠬᠠᠶᠢᠵᠢᠭᠰᠠᠨ ᠡᠩᠨᠡᠭᠡ ᠨᠢ ᠸᠢᠳᠢᠤ᠋ ᠪᠠᠷ ᠪᠠᠶᠢᠴᠠᠭᠠᠨ ᠡᠵᠡᠮᠳᠡᠬᠦ᠂

ᠲᠣᠨᠤᠭ ᠲᠥᠬᠦᠭᠡᠷᠦᠮᠵᠢ ᠠᠪᠴᠤ ᠲᠣᠭᠤᠷᠢᠨ ᠬᠠᠮᠠᠭᠠᠯᠠᠬᠤ᠂ ᠥᠨᠳᠥᠷ ᠣᠭᠲᠠᠷᠭᠤᠶ ᠠᠴᠠ ᠪᠠᠷᠠᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠯ ᠲᠦᠢᠮᠡᠷ ᠤᠨ

ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠯᠠᠮᠰᠢᠯ ᠴᠡᠭ ᠢ ᠬᠢᠨᠠᠨ ᠪᠠᠶᠢᠴᠠᠭᠠᠬᠤ ᠶᠢ ᠥᠷᠨᠢᠭᠦᠯᠦᠨ᠎ᠡ᠃ ᠭᠠᠯ ᠲᠦᠢᠮᠡᠷ ᠤᠨ ᠪᠠᠶᠢᠳᠠᠯ ᠤᠨ

ᠲᠦᠭᠰᠢᠭᠦᠷᠢ ᠮᠡᠳᠡᠭᠦᠯᠬᠦ ᠵᠢᠴᠢ ᠭᠠᠯ ᠤᠨᠲᠠᠷᠠᠭᠠᠬᠤ ᠡᠭᠦᠷᠭᠡ ᠶᠢ ᠣᠯᠵᠤ ᠮᠡᠳᠡᠭᠰᠡᠨ ᠪᠤᠶᠤ ᠭᠥᠯᠢᠶᠡᠨ ᠠᠪᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ᠳᠠᠷᠤᠢ

ᠲᠦᠷᠭᠡᠨ ᠬᠦᠷᠴᠦ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢᠨ ᠬᠠᠮᠲᠤ᠂ ᠬᠤᠲᠠ ᠬᠤᠰᠢᠭᠤ ᠬᠤᠶᠠᠷ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ

ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ᠂ ᠭᠠᠯ ᠤᠨ ᠠᠶᠤᠯ ᠠᠴᠠ ᠠᠪᠤᠷᠬᠠᠤ ᠪᠠ ᠭᠠᠮᠰᠢᠭ ᠤᠨ

ᠳᠠᠷᠠᠭᠠᠬᠢ ᠪᠠᠶᠢᠴᠠᠭᠠᠯᠲᠠ ᠵᠡᠷᠭᠡ ᠠᠵᠢᠯ ᠳᠤ ᠢᠳᠡᠪᠬᠢᠲᠡᠶ ᠣᠷᠤᠯᠴᠠᠨ᠎ᠠ᠃

     ᠳᠥᠷᠪᠡ᠂ ᠠᠵᠢᠯ ᠤᠨ ᠱᠠᠭᠠᠷᠳᠠᠯᠭ᠎ᠠ

     ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠣᠶ

ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠭᠤᠤᠯ ᠴᠣᠭᠴᠠ ᠪᠣᠯᠤᠨ᠎ᠠ᠂ ᠣᠶ

ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠨ

ᠤᠳᠤᠷᠢᠳᠬᠤ ᠪᠠᠨ ᠪᠥᠬᠦ ᠲᠠᠯ᠎ᠠ ᠪᠠᠷ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ ᠶᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠯᠲᠠ ᠳᠤ

ᠣᠷᠣᠭᠤᠯᠵᠤ᠂ ᠡᠩᠨᠡᠭᠡ ᠶᠢ ᠵᠣᠬᠢᠶᠠᠨ ᠪᠠᠶᠢᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠣᠶ ᠰᠢᠭᠤᠶ ᠨᠤᠲᠤᠭ

ᠪᠡᠯᠴᠢᠭᠡᠷ ᠤᠨ ᠰᠠᠯᠠᠭ᠎ᠠ ᠮᠥᠴᠢᠷ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢ ᠪᠥᠲᠥᠭᠡᠨ ᠪᠠᠶᠢᠭᠤᠯᠤᠨ

ᠬᠠᠮᠢᠶᠠᠷᠬᠤ ᠶᠢ ᠬᠠᠷᠢᠭᠤᠴᠠᠵᠤ᠂ ᠪᠣᠳᠠᠲᠠᠶ ᠠᠷᠭ᠎ᠠ ᠬᠡᠮᠵᠢᠶ᠎ᠡ ᠪᠠ ᠬᠠᠮᠢᠶᠠᠷᠬᠤ᠂ ᠰᠢᠯᠭᠠᠨ ᠬᠢᠨᠠᠬᠤ ᠵᠡᠷᠭᠡ ᠲᠦᠷᠢᠮ ᠢ ᠲᠣᠭᠲᠠᠭᠠᠬᠤ ᠶᠢᠨ ᠬᠠᠮᠲᠤ ᠡᠯ᠎ᠡ ᠡᠩᠨᠡᠭᠡ

ᠪᠠᠶᠢᠭᠤᠯᠤᠭᠰᠠᠨ ᠨᠢᠭᠡᠴᠡ ᠶᠢᠨ ᠵᠢᠯᠣᠭᠤᠳᠣᠯᠭ᠎ᠠ᠂ ᠬᠢᠨᠠᠨ ᠪᠠᠶᠢᠴᠠᠭᠠᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ

ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ

ᠬᠤᠪᠢᠶᠠᠷᠢᠯᠠᠯ ᠶᠣᠰᠣᠭᠠᠷ ᠡᠯ᠎ᠡ ᠲᠥᠷᠥᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠩᠨᠡᠭᠡ ᠪᠠᠨ ᠪᠠᠶᠢᠭᠤᠯᠵᠤ

ᠳᠡᠶᠢᠯᠬᠦ᠂ ᠲᠡᠵᠢᠭᠡᠵᠦ ᠳᠡᠶᠢᠯᠬᠦ ᠶᠢ ᠦᠨᠡᠨ ᠬᠦ ᠪᠠᠲᠤᠯᠠᠨ᠎ᠠ᠃

     ︵ᠬᠤᠶᠠᠷ︶ ᠵᠢᠯᠣᠭᠤᠳᠤᠨ ᠳᠣᠭᠢᠷᠠᠭᠤᠯᠬᠤ ᠪᠠᠨ ᠴᠢᠩᠭᠠᠳᠬᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠲᠤᠰᠬᠠᠶ᠂ ᠬᠠᠭᠠᠰ ᠲᠤᠰᠬᠠᠶᠢᠵᠢᠭᠰᠠᠨ ᠪᠠ

ᠣᠯᠠᠨ ᠲᠦᠮᠡᠨᠴᠢ ᠴᠢᠨᠠᠷᠲᠠᠶ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠬᠦᠴᠦᠨ ᠳᠤ ᠨᠢᠭᠡᠳᠦᠯᠲᠡᠶ ᠵᠢᠯᠣᠭᠤᠳᠣᠯᠭ᠎ᠠ ᠬᠢᠬᠦ ᠶᠢ ᠬᠡᠷᠡᠭᠵᠢᠭᠦᠯᠵᠦ᠂ ᠣᠶ

ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠵᠢᠯᠣᠭᠤᠳᠤᠨ ᠲᠣᠬᠢᠷᠠᠭᠤᠯᠬᠤ ᠪᠠᠷ ᠭᠤᠤᠯ ᠪᠣᠯᠭᠠᠵᠤ᠂ ᠲᠣᠰ ᠬᠤᠰᠢᠭᠤ ᠲᠣᠭᠤᠷᠢᠭ ᠤᠨ ᠬᠡᠪᠴᠢᠶᠡᠨ ᠳᠠᠬᠢ

ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠭᠦᠷᠭᠡ ᠶᠢ ᠭᠦᠢᠴᠡᠳᠭᠡᠬᠦ ᠶᠢᠨ ᠬᠠᠮᠲᠤ ᠲᠣᠰ ᠱᠠᠲᠤᠨ ᠤ ᠭᠠᠯ ᠢ

ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢᠨ ᠳᠣᠤᠷ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ

ᠡᠭᠦᠷᠭᠡ ᠳᠤ ᠣᠷᠣᠯᠴᠠᠨ᠎ᠠ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠶᠢ ᠭᠦᠢᠴᠡᠳᠬᠡᠬᠦ ᠳᠡᠭᠡᠨ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ

ᠨᠢᠭᠡᠳᠦᠯᠲᠡᠶ ᠵᠢᠯᠦᠭᠤᠳᠦᠯᠭ᠎ᠠ ᠶᠢ ᠵᠡᠷᠭᠡ ᠳᠤᠨᠢ ᠬᠦᠯᠢᠶᠡᠨ᠎ᠡ᠃ ᠡᠯ᠎ᠡ ᠬᠤᠰᠢᠭᠤ ᠲᠣᠭᠤᠷᠢᠭ ᠵᠢᠯᠣᠭᠤᠳᠤᠨ ᠳᠣᠭᠢᠷᠠᠭᠤᠯᠬᠤ ᠲᠥᠪ ᠢᠶᠠᠷ ᠭᠤᠤᠯ ᠪᠣᠯᠭᠠᠭᠰᠠᠨ

ᠡᠩᠨᠡᠭᠡ ᠶᠢᠨ ᠵᠢᠯᠣᠭᠤᠳᠤᠨ ᠳᠣᠭᠢᠷᠠᠭᠤᠯᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨᠴᠢ᠂ ᠥᠨᠳᠥᠷ ᠦᠷ᠎ᠡ ᠪᠦᠲᠦᠮᠵᠢᠲᠡᠶ ᠪᠠᠷ

ᠵᠢᠯᠣᠭᠤᠳᠤᠨ ᠲᠣᠬᠢᠷᠠᠭᠤᠯᠬᠤ ᠶᠢ ᠦᠨᠡᠨ ᠬᠦ ᠪᠠᠲᠤᠯᠠᠨ᠎ᠠ᠃ ᠬᠡᠪ ᠪᠣᠯᠪᠠᠰᠤᠷᠠᠯ ᠢᠶᠠᠷ ᠰᠠᠶᠢᠨ ᠴᠡᠷᠢᠭ ᠢ ᠰᠣᠩᠭᠤᠨ ᠬᠥᠳᠡᠯᠦᠩᠭᠦᠢ ᠪᠠᠶᠢᠯᠳᠤᠭᠠᠨ ᠤ ᠬᠦᠴᠦᠨ ᠢ

ᠵᠣᠬᠢᠶᠠᠨ ᠪᠠᠶᠢᠭᠤᠯᠵᠤ᠂ ᠬᠤᠳᠠ ᠶᠢᠨ ᠲᠤᠰ ᠱᠠᠲᠤᠨ ᠤ ᠬᠥᠳᠡᠯᠦᠩᠭᠦᠢ ᠪᠡᠯᠡᠳᠬᠡᠯ ᠠᠩᠬᠢ ᠲᠠᠢ ᠬᠠᠮᠵᠢᠯᠴᠠᠨ ᠶᠡᠭᠡ ᠲᠦᠢᠮᠡᠷ ᠡᠭᠦᠰᠬᠦ ᠠᠶᠤᠯ ᠲᠠᠢ ᠴᠠᠭ

ᠬᠤᠭᠤᠴᠠᠭᠠᠨ ᠤ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠬᠦ ᠪᠠ ᠲᠤᠰᠠᠯᠠᠨ ᠪᠠᠶᠢᠯᠳᠤᠬᠤ ᠡᠭᠦᠷᠭᠡ ᠶᠢ ᠡᠭᠦᠷᠭᠡᠯᠡᠨ᠎ᠡ᠃

     ︵ᠭᠤᠷᠪᠠ︶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ︽ᠪᠥᠬᠦ ᠤᠯᠤᠰ ᠤᠨ ᠣᠶ ᠰᠢᠭᠤᠶ ᠪᠠ ᠨᠤᠲᠤᠭ

ᠪᠡᠯᠴᠢᠭᠡᠷ ᠤᠨ ᠰᠢᠰᠲ᠋ᠧᠮ ᠤᠨ ᠣᠷᠣᠨ ᠨᠤᠲᠤᠭ ᠤᠨ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡ ᠶᠢᠨ ᠪᠣᠯᠪᠠᠰᠤᠷᠠᠯ ᠤᠨ ᠭᠠᠷ ᠳᠡᠪᠲᠡᠷ︾ ᠤᠨ

ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠡᠩᠨᠡᠭᠡ ᠶᠢᠨ ᠪᠣᠯᠪᠠᠰᠤᠷᠠᠯ ᠤᠨ ᠲᠦᠷᠢᠮ ᠢ ᠪᠠᠶᠢᠭᠤᠯᠵᠤ᠂ ᠲᠤᠰᠬᠠᠶ ᠪᠠ ᠬᠠᠭᠠᠰ ᠲᠤᠰᠬᠠᠶᠢᠵᠢᠭᠰᠠᠨ

ᠡᠩᠨᠡᠭᠡ ᠶᠢᠨ ᠭᠠᠯ ᠤᠨᠲᠠᠷᠠᠭᠠᠬᠤ ᠵᠢᠯᠣᠭᠤᠳᠣᠯᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠴᠢᠳᠠᠪᠤᠷᠢ᠂ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠠ

ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠡᠭᠦᠨ ᠳᠤ ᠲᠤᠰᠬᠠᠶ ᠡᠩᠨᠡᠭᠡ ᠨᠢ ᠵᠢᠯ ᠪᠦᠷᠢ ᠠᠳᠠᠭ ᠲᠠᠭᠠᠨ 6 ᠤᠳᠠᠭ᠎ᠠ ᠶᠢᠨ ᠴᠢᠭᠯᠡᠭᠦᠯᠬᠦ ᠴᠢᠨᠠᠷᠲᠠᠶ

ᠬᠡᠭᠡᠷ᠎ᠡ ᠶᠢᠨ ᠪᠣᠯᠪᠠᠰᠤᠷᠠᠯ᠂ 2 ᠤᠳᠠᠭ᠎ᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ

ᠪᠣᠯᠪᠠᠰᠤᠷᠠᠯ ᠤᠨ ᠰᠢᠯᠭᠠᠨ ᠦᠨᠡᠯᠡᠯᠲᠡ ᠶᠢ ᠥᠷᠨᠢᠭᠦᠯᠦᠨ᠎ᠡ᠃ ᠡᠯ᠎ᠡ ᠲᠤᠰᠬᠠᠶ ᠡᠩᠨᠡᠭᠡ ᠨᠦᠭᠦᠳ ᠴᠢᠭᠯᠡᠭᠦᠯᠬᠦ ᠴᠢᠨᠠᠷᠲᠠᠶ ᠪᠠᠷ ᠤᠯᠠᠨ ᠲᠦᠮᠡᠨᠴᠢ ᠴᠢᠨᠠᠷᠲᠠᠶ ᠭᠠᠯ

ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠣᠯᠤᠨ ᠠᠶᠤᠯ ᠠᠴᠠ ᠵᠠᠶᠢᠯᠠᠬᠤ ᠮᠡᠳᠡᠯᠭᠡ ᠶᠢᠨ

ᠪᠣᠯᠪᠠᠰᠤᠷᠠᠯ ᠢ ᠥᠷᠨᠢᠭᠦᠯᠵᠦ᠂ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠠᠪᠤᠴᠠ ᠳᠠᠬᠢ ᠠᠶᠤᠯ ᠠᠴᠠ ᠪᠠᠴᠢᠮ

ᠵᠠᠶᠢᠯᠠᠬᠤ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃

     ︵ᠳᠥᠷᠪᠡ︶ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠨᠢ ᠲᠤᠰᠬᠠᠶ ᠡᠩᠨᠡᠭᠡ ᠶᠢᠨ ᠪᠥᠬᠦ ᠬᠤᠭᠤᠴᠠᠭ᠎ᠠ ᠬᠡᠰᠡᠭ ᠤᠨ

ᠪᠠ ᠬᠠᠭᠠᠰ ᠲᠤᠰᠬᠠᠶᠢᠵᠢᠭᠰᠠᠨ ᠡᠩᠨᠡᠭᠡ ᠶᠢᠨ ᠭᠠᠯ ᠤᠨ ᠠᠶᠤᠯ ᠤᠨ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠬᠤᠭᠤᠴᠠᠭ᠎ᠠ ᠶᠢᠨ ᠴᠡᠷᠡᠭᠵᠢᠭᠦᠯᠦᠭᠰᠡᠨ

ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠢᠵᠢᠭᠦᠷᠯᠡᠬᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠳᠣᠲᠣᠭᠠᠳᠤ ᠶᠠᠪᠤᠳᠠᠯ ᠤᠨ ᠬᠠᠮᠢᠶᠠᠷᠤᠯᠲᠠ

᠂ ᠪᠣᠯᠪᠠᠰᠤᠷᠠᠯ ᠰᠤᠷᠤᠯᠴᠠᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ ᠴᠢᠮᠡᠭᠡ ᠨᠡᠪᠲᠡᠷᠡᠯᠭᠡ ᠶᠢᠨ ᠵᠢᠯᠣᠭᠤᠳᠬᠤ ᠪᠠᠭᠠᠵᠢ ᠬᠡᠷᠡᠭᠰᠡᠯ ᠵᠢᠴᠢ ᠮᠠᠰᠢᠨ

ᠲᠥᠬᠦᠭᠡᠷᠦᠮᠵᠢ ᠶᠢᠨ ᠬᠠᠮᠢᠶᠠᠷᠤᠯᠲᠠ᠂ ᠪᠣᠯᠪᠠᠰᠤᠷᠠᠯ ᠰᠣᠷᠢᠯᠲᠠ᠂ ᠰᠢᠯᠭᠠᠯᠲᠠ ᠱᠠᠩᠨᠠᠯ ᠲᠣᠷᠭᠠᠭᠤᠯᠢ ᠵᠡᠷᠭᠡ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠬᠦᠯᠵᠦ᠂

ᠡᠭᠦᠷᠭᠡ ᠶᠢᠨ ᠣᠷᠣᠨ ᠤ ᠳᠣᠲᠣᠷᠠᠬᠢ ᠭᠠᠵᠠᠷ ᠤᠨ ᠪᠠᠶᠢᠴᠠ ᠶᠢᠨ ᠵᠢᠷᠤᠭ᠂ ᠣᠶ ᠶᠢᠨ ᠳᠦᠷᠰᠦ ︵ᠣᠶ ᠶᠢᠨ ᠲᠣᠯᠪᠤ︶ ᠶᠢᠨ ᠵᠢᠷᠤᠭ᠂ ᠵᠠᠰᠠᠭ ᠵᠠᠬᠢᠷᠭᠠᠨ ᠤ ᠣᠷᠣᠨ

ᠬᠤᠪᠢᠶᠠᠷᠢᠯᠠᠯ ᠤᠨ ᠵᠢᠷᠤᠭ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠲᠠᠷᠬᠠᠯᠲᠠ ᠶᠢᠨ ᠵᠢᠷᠤᠭ᠂ ᠰᠡᠷᠡᠮᠵᠢᠯᠡᠭᠦᠯᠵᠦ ᠳᠠᠭᠠᠯᠲᠠ ᠬᠢᠬᠦ ᠴᠤᠪᠤᠷᠠᠯ ᠵᠢᠷᠤᠭ᠂ ᠪᠠᠴᠢᠮ

ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠴᠤᠪᠤᠷᠠᠯ ᠵᠢᠷᠤᠭ᠂ ᠭᠠᠯ ᠲᠦᠢᠮᠡᠷ ᠭᠠᠷᠤᠭᠰᠠᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠲᠥᠰᠦᠯ ᠵᠢᠴᠢ ᠪᠤᠰᠤᠳ

ᠰᠠᠭᠤᠷᠢ ᠡᠬᠢ ᠪᠠᠶᠠᠯᠢᠭ ᠤᠨ  ᠮᠠᠲ᠋ᠧᠷᠢᠶᠠᠯ ᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠰᠠᠶᠢᠨ᠂ ᠲᠤᠰᠬᠠᠯ ᠬᠢᠬᠦ ᠲᠦᠷᠭᠡᠨ᠂

ᠪᠠᠶᠢᠯᠳᠤᠭᠠᠨ ᠳᠤ ᠴᠢᠳᠠᠮᠠᠭᠠᠶ ᠪᠠᠶᠢᠬᠤ ᠶᠢ ᠪᠡᠶᠡᠯᠡᠭᠦᠯᠦᠨ᠎ᠡ᠃

     ︵ᠲᠠᠪᠤ︶ ᠴᠡᠷᠢᠭ ᠤᠨ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠲᠣᠰ ᠭᠠᠵᠠᠷ ᠣᠷᠣᠨ ᠤ ᠪᠠᠨ ᠣᠶ ᠰᠢᠭᠤᠶ

ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠳᠠᠯ ᠪᠣᠯᠤᠨ ᠭᠠᠯ ᠤᠨ ᠠᠶᠤᠯ ᠤᠨ ᠪᠠᠶᠢᠳᠠᠯ ᠢ ᠦᠨᠳᠦᠰᠦᠯᠡᠵᠦ᠂ ᠲᠤᠰᠬᠠᠶ ᠡᠩᠨᠡᠭᠡ ᠶᠢᠨ ᠬᠦᠴᠦᠨ ᠢ ᠱᠠᠲᠤᠯᠢᠭ

ᠬᠡᠯᠪᠡᠷᠢ ᠪᠠᠷ ᠳᠣᠭᠢᠷᠠᠭᠤᠯᠵᠤ᠂ ᠶᠡᠭᠡ ᠲᠦᠢᠮᠡᠷ ᠡᠭᠦᠰᠬᠦ ᠬᠦᠨᠳᠦ ᠠᠶᠤᠯ ᠲᠠᠢ ᠴᠠᠭ ᠬᠤᠭᠤᠴᠠᠭ᠎ᠠ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ

ᠡᠩᠨᠡᠭᠡ ᠶᠢ ᠲᠤᠬᠠᠢ ᠶᠢᠨ ᠭᠠᠵᠠᠷ ᠲᠤ ᠰᠠᠬᠢᠨ ᠰᠠᠭᠤᠯᠭᠠᠬᠤ ᠶᠢ ᠳᠣᠪᠣᠶᠢᠯᠭᠠᠵᠤ᠂ ᠲᠤᠰᠬᠠᠶ ᠬᠦᠴᠦᠨ ᠢ ᠲᠤᠬᠠᠢ ᠶᠢᠨ ᠭᠠᠵᠠᠷ ᠲᠤᠨᠢ ᠪᠠᠶᠢᠷᠢᠯᠠᠭᠤᠯᠬᠤ ᠶᠢ ᠦᠨᠡᠨ ᠬᠦ

ᠪᠠᠲᠤᠯᠠᠨ᠎ᠠ᠃ ᠲᠡᠷᠡᠴᠢᠯᠡᠨ ᠬᠠᠭᠠᠰ ᠲᠤᠰᠬᠠᠶᠢᠵᠢᠭᠰᠠᠨ ᠪᠠ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠡᠩᠨᠡᠭᠡ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ

ᠪᠡᠯᠡᠳᠬᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠲᠠᠰ ᠢ ᠦᠨᠳᠦᠰᠦᠯᠡᠨ ᠡᠩᠨᠡᠭᠡ ᠶᠢᠨ ᠬᠦᠴᠦᠨ ᠤ ᠪᠠᠶᠢᠷᠢᠰᠢᠭᠤᠯᠤᠯᠲᠠ ᠶᠢ ᠴᠢᠨᠠᠭᠰᠢᠳᠠ

ᠰᠢᠯᠢᠳᠡᠭᠵᠢᠭᠦᠯᠵᠦ᠂ ᠲᠤᠰᠬᠠᠶ᠂ ᠬᠠᠭᠠᠰ ᠲᠤᠰᠬᠠᠶᠢᠵᠢᠭᠰᠠᠨ ᠪᠠ ᠣᠯᠠᠨ ᠲᠦᠮᠡᠨᠴᠢ ᠴᠢᠨᠠᠷᠲᠠᠶ ᠬᠦᠴᠦᠨ ᠤ ᠬᠤᠯᠪᠣᠭᠠᠯᠠᠨ ᠬᠥᠳᠡᠯᠦᠯᠴᠡᠵᠦ ᠪᠠᠶᠢᠯᠳᠤᠬᠤ ᠶᠢ

ᠪᠡᠶᠡᠯᠡᠭᠦᠯᠵᠦ᠂ ᠭᠠᠯ ᠲᠦᠢᠮᠡᠷ ᠤᠨ ᠪᠠᠶᠢᠳᠠᠯ ᠢ ᠡᠷᠲᠡ ᠢᠯᠡᠷᠡᠭᠦᠯᠵᠦ᠂ ᠡᠩᠨᠡᠭᠡ ᠶᠢ ᠡᠷᠲᠡ ᠬᠥᠳᠡᠯᠦᠯᠴᠡᠭᠦᠯᠵᠦ᠂ ᠭᠠᠯ ᠤᠨ ᠠᠶᠤᠯ ᠢ ᠡᠷᠲᠡ ᠤᠨᠲᠠᠷᠠᠭᠠᠬᠤ ᠶᠢ

ᠦᠨᠡᠨ ᠬᠦ ᠪᠠᠲᠤᠯᠠᠨ᠎ᠠ᠃

     ᠲᠠᠪᠤ᠂ ᠪᠠᠲᠤᠯᠠᠭ᠎ᠠ ᠶᠢᠨ ᠲᠣᠭᠲᠠᠴᠠ

     ︵ᠨᠢᠭᠡ︶ ᠪᠠᠶᠢᠭᠤᠯᠤᠯ ᠤᠨ ᠪᠠᠲᠤᠯᠠᠭ᠎ᠠ᠃ ᠡᠯ᠎ᠡ ᠬᠤᠰᠢᠭᠤ ᠲᠣᠭᠤᠷᠢᠭ ᠬᠦᠮᠦᠨ ᠡᠯᠰᠡᠬᠦ ᠠᠷᠭ᠎ᠠ ᠵᠠᠮ ᠢᠶᠠᠨ ᠥᠷᠭᠡᠳᠬᠡᠵᠦ᠂ ᠴᠡᠷᠢᠭ ᠤᠨ ᠠᠯᠪᠠ ᠠᠴᠠ

ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠨᠡᠶᠢᠭᠡᠮ ᠤᠨ

ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ

ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ︽ᠢᠯᠡ ᠲᠣᠳᠤ᠂ ᠡᠷᠬᠡ ᠲᠡᠭᠰᠢ᠂

ᠥᠷᠢᠰᠦᠯᠳᠦᠭᠦᠯᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ᠬᠦᠮᠦᠨ ᠡᠯᠰᠡᠬᠦ ᠨᠠᠰᠤ ᠵᠢᠯ᠂ ᠪᠡᠶ᠎ᠡ ᠶᠢᠨ ᠴᠢᠳᠠᠪᠤᠷᠢ ᠵᠡᠷᠭᠡ ᠶᠢᠨ ᠪᠠᠷᠢᠮᠵᠢᠶ᠎ᠠ ᠶᠢ

ᠴᠢᠩᠳᠠᠯᠠᠵᠤ᠂ ᠦᠢᠯᠡᠴᠢᠯᠡᠭᠡᠨ ᠤ ᠵᠢᠯ ᠬᠤᠭᠤᠴᠠᠭ᠎ᠠ ᠶᠢ ᠵᠦᠶ ᠵᠣᠬᠢᠰᠲᠠᠶ ᠲᠣᠭᠲᠠᠭᠠᠨ᠎ᠠ᠃ ᠲᠤᠰᠬᠠᠶ ᠡᠩᠨᠡᠭᠡᠨ ᠤ ᠬᠦᠮᠦᠰ ᠤᠨ ᠨᠠᠰᠤ ᠵᠢᠯ ᠨᠢ ᠵᠠᠷᠴᠢᠮ ᠳᠡᠭᠡᠷ᠎ᠡ ᠪᠠᠨ

18 — 35 ᠪᠦᠬᠦᠯᠢ ᠨᠠᠰᠤᠨ ᠳᠣᠲᠤᠷ᠎ᠠ ᠪᠠᠶᠢᠵᠤ᠂ ᠭᠠᠯ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠤᠷᠰᠢᠯᠭ᠎ᠠ ᠪᠠ ᠪᠤᠰᠤᠳ ᠠᠪᠤᠷᠠᠨ ᠲᠤᠰᠠᠯᠠᠬᠤ

ᠲᠤᠷᠰᠢᠯᠭ᠎ᠠ ᠲᠠᠢ ᠪᠠᠶᠢᠪᠠᠯ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠂ ᠦᠢᠯᠡᠴᠢᠯᠡᠬᠦ ᠵᠢᠯ ᠬᠤᠭᠤᠴᠠᠭ᠎ᠠ ᠶᠢ ᠡᠩ ᠤᠨ ᠪᠠᠶᠢᠳᠠᠯ ᠳᠤ ᠭᠤᠷᠪᠠᠨ ᠵᠢᠯ

ᠪᠠᠶᠢᠯᠭᠠᠪᠠᠯ ᠵᠣᠬᠢᠨ᠎ᠠ᠃ ᠲᠤᠰᠬᠠᠶ ᠠᠵᠢᠯ ᠤᠨ ᠡᠩᠨᠡᠭᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠩᠨᠡᠭᠡᠨ ᠤ ᠠᠮᠢᠵᠢᠷᠠᠯ ᠤᠨ ᠬᠦᠴᠦᠨ ᠢ ᠪᠠᠲᠤᠯᠠᠨ᠎ᠠ᠃

     ︵ᠬᠤᠶᠠᠷ︶ ᠵᠠᠷᠤᠳᠠᠯ ᠤᠨ ᠪᠠᠲᠤᠯᠠᠭ᠎ᠠ᠃ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ

ᠰᠡᠷᠭᠡᠶᠢᠯᠡᠬᠦ ᠲᠣᠭᠤᠷᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠱᠠᠲᠤ ᠬᠤᠪᠢᠶᠠᠨ ᠡᠭᠦᠷᠭᠡᠯᠡᠬᠦ ᠵᠠᠷᠴᠢᠮ

ᠶᠣᠰᠣᠭᠠᠷ᠂ ᠲᠤᠰᠬᠠᠶ ᠡᠩᠨᠡᠭᠡ ᠶᠢᠨ ᠪᠠᠶᠢᠭᠤᠯᠤᠯᠲᠠ᠂ ᠠᠵᠢᠯᠯᠠᠭᠠᠨ᠂ ᠴᠠᠯᠢᠩ ᠣᠯᠭᠤᠮᠵᠢ᠂ ᠪᠣᠯᠪᠠᠰᠤᠷᠠᠯ ᠬᠦᠷᠲᠡᠭᠡᠬᠦ᠂ ᠵᠢᠵᠢᠭᠦᠷᠯᠡᠬᠦ ᠨᠥᠬᠦᠪᠥᠷᠢ ᠵᠡᠷᠭᠡ ᠵᠠᠷᠤᠳᠠᠯ ᠢ

ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ

ᠬᠠᠮᠠᠭᠠᠯᠠᠬᠤ ᠪᠠ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠮᠡᠷᠭᠡᠵᠢᠯ ᠤᠨ ᠥᠨᠳᠥᠷ ᠠᠶᠤᠯᠲᠤ

ᠴᠢᠨᠠᠷ ᠯᠤᠭ᠎ᠠ ᠵᠣᠬᠢᠴᠠᠯᠳᠤᠭᠰᠠᠨ ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠲᠣᠭᠲᠠᠭᠠᠵᠤ᠂ ᠲᠤᠰᠬᠠᠶ ᠮᠡᠷᠭᠡᠵᠢᠯ ᠤᠨ ᠡᠩᠨᠡᠭᠡᠨ ᠤ ᠬᠦᠮᠦᠰ ᠤᠨ ᠴᠠᠯᠢᠩ ᠣᠯᠭᠤᠮᠵᠢ ᠨᠢ

ᠡᠭᠦᠷᠭᠡᠯᠡᠵᠦ ᠪᠥᠬᠦᠶ ᠥᠨᠳᠥᠷ ᠠᠶᠤᠯᠲᠤ ᠴᠢᠨᠠᠷᠲᠠᠶ ᠠᠵᠢᠯ ᠮᠡᠷᠭᠡᠵᠢᠯ ᠯᠦᠭᠡ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤ ︵

ᠵᠡᠭᠡᠯᠢ ᠭᠤᠳᠤᠮᠵᠢ︶ ᠵᠡᠷᠭᠡ ᠶᠢᠨ ᠬᠠᠭᠠᠰ ᠲᠤᠰᠬᠠᠶ ᠲᠤᠰᠬᠠᠶᠢᠵᠢᠭᠰᠠᠨ ᠡᠩᠨᠡᠭᠡ ᠪᠣᠯᠤᠨ ᠣᠯᠠᠨ ᠲᠦᠮᠡᠨᠴᠢ ᠴᠢᠨᠠᠷᠲᠠᠶ ᠣᠶ ᠰᠢᠭᠤᠶ ᠨᠤᠲᠤᠭ ᠪᠡᠯᠴᠢᠭᠡᠷ ᠤᠨ ᠭᠠᠯ

ᠰᠡᠷᠭᠡᠶᠢᠯᠡᠬᠦ ᠡᠩᠨᠡᠭᠡ ᠳᠤ ᠵᠠᠰᠠᠭ ᠤᠨ ᠣᠷᠳᠣᠨ ᠠᠴᠠ ᠪᠠᠲᠤᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠨᠥᠬᠦᠪᠥᠷᠢ ᠥᠭᠬᠦ ᠶᠢ ᠬᠠᠷᠢᠯᠴᠠᠨ

ᠤᠶᠠᠯᠳᠤᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠣᠭᠲᠠᠪᠤᠷᠢᠲᠠᠶ ᠵᠠᠷᠤᠳᠠᠯ ᠤᠨ ᠪᠠᠲᠤᠯᠠᠭ᠎ᠠ ᠶᠢᠨ ᠠᠷᠭ᠎ᠠ ᠵᠠᠮ ᠢ ᠪᠠᠶᠢᠭᠤᠯᠤᠨ᠎ᠠ᠃

     ︵ᠭᠤᠷᠪᠠ︶ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠩᠨᠡᠭᠡ ᠶᠢᠨ

ᠲᠣᠭᠤᠷᠢᠨ ᠬᠠᠮᠠᠭᠠᠯᠠᠬᠤ᠂ ᠭᠠᠯ ᠤᠨᠲᠠᠷᠠᠭᠠᠬᠤ ᠪᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠬᠠᠶ

ᠪᠠ ᠬᠠᠭᠠᠰ ᠲᠤᠰᠬᠠᠶᠢᠵᠢᠭᠰᠠᠨ ᠡᠩᠨᠡᠭᠡ ᠶᠢᠨ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠪᠠᠭᠠᠵᠢ᠂ ᠭᠠᠯ ᠤᠨᠲᠠᠷᠠᠭᠠᠬᠤ ᠮᠠᠰᠢᠨ ᠪᠠᠭᠠᠵᠢ᠂ ᠰᠡᠷᠭᠡᠶᠢᠯᠡᠨ

ᠬᠠᠮᠠᠭᠠᠯᠠᠬᠤ ᠲᠣᠨᠤᠭ ᠲᠥᠬᠦᠭᠡᠷᠦᠮᠵᠢ ᠵᠢᠴᠢ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠦᠨᠳᠦᠰᠦᠨ ᠲᠣᠨᠤᠭ

ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠵᠤ᠂ ᠬᠤᠰᠢᠭᠤ ᠲᠣᠭᠤᠷᠢᠭ ᠤᠨ ᠲᠣᠰ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠳ᠋

ᠪᠠᠷᠠᠭ᠎ᠠ ᠶᠢᠨ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠴᠢᠬᠤᠯᠠ ᠪᠥᠬᠦᠶ ᠡᠳ᠋ ᠪᠠᠷᠠᠭ᠎ᠠ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠭᠠᠯ ᠤᠨᠲᠠᠷᠠᠭᠠᠬᠤ ᠪᠠ

ᠪᠤᠰᠤᠳ ᠠᠪᠤᠷᠠᠨ ᠲᠤᠰᠠᠯᠠᠬᠤ ᠡᠭᠦᠷᠭᠡ ᠶᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ

ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢᠨ ᠡᠳ᠋ ᠪᠠᠷᠠᠭ᠎ᠠ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠡᠳ᠋ ᠪᠠᠷᠠᠭ᠎ᠠ ᠶᠢᠨ ᠬᠥᠮᠥᠷᠭᠡ ᠶᠢᠨ ᠪᠥᠲᠥᠭᠡᠨ

ᠪᠠᠶᠢᠭᠤᠯᠤᠯᠲᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ ᠴᠠᠭ ᠦᠶ᠎ᠡ ᠲᠠᠢ

ᠵᠡᠷᠭᠡᠪᠡᠷ ᠤᠷᠤᠭᠰᠢᠯᠠᠬᠤ᠂ ᠵᠣᠬᠢᠬᠤ ᠬᠡᠮᠵᠢᠶ᠎ᠡ ᠪᠠᠷ ᠤᠷᠢᠳᠴᠢᠯᠠᠬᠤ ᠵᠠᠷᠴᠢᠮ ᠢ ᠪᠠᠷᠢᠮᠲᠠᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠩᠨᠡᠭᠡ ᠶᠢᠨ ᠲᠣᠨᠤᠭ

ᠲᠥᠬᠦᠭᠡᠷᠦᠮᠵᠢ ᠶᠢ ᠳᠣᠭᠢᠷᠠᠭᠤᠯᠬᠤ ᠪᠠ ᠡᠳ᠋ ᠪᠣᠳᠠᠰ ᠨᠥᠭᠡᠴᠡᠯᠡᠬᠦ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃

     ︵ᠳᠥᠷᠪᠡ︶ ᠰᠠᠭᠤᠷᠢ ᠲᠥᠬᠦᠭᠡᠷᠦᠮᠵᠢ᠃ ᠡᠯ᠎ᠡ ᠬᠤᠰᠢᠭᠤ ᠲᠣᠭᠤᠷᠢᠭ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠤᠷᠢᠨ

ᠬᠠᠮᠠᠭᠠᠯᠠᠬᠤ ᠲᠤᠰᠬᠠᠶ ᠡᠩᠨᠡᠭᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ

ᠡᠩᠨᠡᠭᠡ ᠶᠢᠨ ᠬᠤᠸᠠᠷᠠᠨ᠂ ᠠᠵᠢᠯᠯᠠᠬᠤ ᠲᠠᠯᠠᠪᠤᠷ ᠭᠠᠵᠠᠷ᠂ ᠪᠣᠯᠪᠠᠰᠤᠷᠠᠯ ᠤᠨ ᠲᠠᠯᠠᠪᠤᠷ ᠭᠠᠵᠠᠷ ᠵᠢᠴᠢ ᠲᠥᠬᠦᠭᠡᠷᠦᠮᠵᠢ᠂ ᠡᠳ᠋ ᠪᠣᠳᠠᠰ ᠨᠥᠭᠡᠴᠡᠯᠡᠬᠦ ᠬᠥᠮᠥᠷᠭᠡ᠂

ᠲᠡᠷᠭᠡᠨ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠩᠨᠡᠭᠡ ᠶᠢᠨ ᠪᠡᠯᠡᠳᠬᠡᠯ ᠠᠵᠢᠯ ᠪᠠ ᠪᠣᠯᠪᠠᠰᠤᠷᠠᠯ ᠤᠨ ᠬᠡᠷᠡᠭᠴᠡᠭᠡ ᠶᠢ

ᠬᠠᠩᠭᠠᠨ᠎ᠠ᠃

     ︵ᠲᠠᠪᠤ︶ ᠪᠤᠰᠤᠳ ᠪᠠᠲᠤᠯᠠᠭ᠎ᠠ᠃ ᠡᠯ᠎ᠡ ᠬᠤᠰᠢᠭᠤ ᠲᠣᠭᠤᠷᠢᠭ᠂ ᠨᠢᠭᠡᠴᠡ ᠨᠢ ᠲᠤᠰᠬᠠᠶ ᠪᠠ ᠬᠠᠭᠠᠰ ᠲᠤᠰᠬᠠᠶᠢᠵᠢᠭᠰᠠᠨ ᠣᠶ ᠰᠢᠭᠤᠶ ᠨᠤᠲᠤᠭ

ᠪᠡᠯᠴᠢᠭᠡᠷ ᠤᠨ ᠭᠠᠯ ᠰᠡᠷᠭᠡᠶᠢᠯᠡᠬᠦ ᠠᠩᠭᠢ ᠶᠢᠨ ᠬᠦᠮᠦᠰ ᠲᠤ ᠭᠡᠨᠡᠳᠲᠡ ᠶᠢᠨ ᠠᠳᠡᠯ ᠰᠢᠷᠬᠠᠳᠤᠯ ᠤᠨ ᠳᠠᠭᠠᠳᠬᠠᠯ ᠵᠢᠴᠢ ᠬᠠᠮᠢᠶ᠎ᠠ ᠪᠥᠬᠦᠶ ᠳᠠᠭᠠᠳᠬᠠᠯ

ᠳᠠᠭᠠᠳᠬᠠᠭᠤᠯᠵᠤ᠂ ᠬᠢᠨᠠᠨ ᠰᠢᠯᠭᠠᠵᠤ ᠱᠠᠩᠨᠠᠵᠤ ᠲᠣᠷᠭᠠᠬᠤ ᠪᠠ ᠨᠢᠭᠡᠳᠦᠭᠡᠷ ᠹᠷᠣᠨᠲ ᠤᠨ ᠭᠠᠯ ᠰᠡᠷᠭᠡᠶᠢᠯᠡᠬᠦ ᠠᠩᠭᠢ ᠶᠢᠨ ᠪᠦᠷᠢᠯᠳᠦᠭᠦᠨ ᠤ ᠤᠬᠤᠷᠢᠨ ᠭᠠᠷᠬᠤ

ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠨ ᠬᠠᠮᠠᠭᠠᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ

ᠡᠭᠦᠷᠭᠡ ᠳᠤᠮᠳᠠᠬᠢ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠭᠠᠳᠬᠠᠵᠤ᠂ ᠬᠤᠭᠤᠴᠠᠭ᠎ᠠ ᠨᠢ ᠳᠦᠭᠦᠷᠦᠭᠰᠡᠨ᠂ ᠨᠠᠰᠤ ᠨᠢ ᠨᠡᠯᠢᠶᠡᠳ ᠶᠡᠭᠡ᠂ ᠪᠡᠶ᠎ᠡ ᠶᠢᠨ

ᠴᠢᠳᠠᠪᠤᠷᠢ ᠶᠢᠨ ᠱᠠᠭᠠᠷᠳᠠᠯᠭ᠎ᠠ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠤᠬᠤᠷᠢᠨ ᠭᠠᠷᠬᠤ ᠨᠥᠬᠦᠴᠡᠯ ᠳᠤ ᠨᠡᠶᠢᠴᠡᠬᠦ ᠣᠶ ᠰᠢᠭᠤᠶ ᠨᠤᠲᠤᠭ ᠪᠡᠯᠴᠢᠭᠡᠷ ᠤᠨ ᠭᠠᠯ

ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠶ ᠠᠩᠭᠢ ᠶᠢᠨ ᠭᠡᠰᠢᠭᠦᠳ ᠲᠤ ᠴᠠᠭ ᠲᠤᠬᠠᠶ ᠳᠤᠨᠢ ᠤᠬᠤᠷᠢᠨ ᠭᠠᠷᠬᠤ ᠲᠣᠬᠢᠷᠠᠭᠤᠯᠤᠯᠲᠠ ᠬᠢᠨ᠎ᠡ᠃

                                                           ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ

                                                                  2023 ᠣᠨ ᠤ 1 ᠳ᠋ᠣᠭᠡᠷ ᠰᠠᠷ᠎ᠠ ᠶᠢᠨ 3 ᠤ ᠡᠳᠦᠷ

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ