ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ — ᠭᠠᠨᠳᠢᠭ
ᠨᠡᠶᠢᠲᠡᠯᠡᠭᠰᠡᠨ ᠴᠠᠭ᠄
2024/1/12
      ᠭᠠᠨᠳᠢᠭ ᠪᠤᠯ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠨᠳᠢᠨ ᠨᠡᠶᠢᠬᠡᠮ ᠲᠤᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ ᠎ ᠤᠨ ᠵᠥᠪᠯᠡᠯ ᠤᠨ ᠡᠷᠬᠢᠯᠡᠭᠴᠢ ᠶᠤᠮ᠃ ᠲᠡᠷᠡ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ᠂ ᠠᠵᠢᠯᠴᠢ ᠬᠢᠴᠢᠶᠡᠩᠬᠦᠢ ᠪᠠᠷ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠢ ᠳᠤᠲᠤᠨᠤᠴᠢᠯᠠᠨ ᠬᠠᠯᠠᠮᠵᠢᠯᠠᠵᠤ᠂ ᠰᠠᠭᠤᠭᠠᠯᠢ ᠠᠷᠠᠳ ᠤᠨ ᠠᠵᠢᠯ ᠶᠠᠪᠤᠳᠠᠯ ᠢ ᠥᠪᠡᠷ ᠤᠨ ᠢᠶᠠᠨ ᠠᠵᠢᠯ ᠶᠠᠪᠤᠳᠠᠯ ᠰᠢᠭ᠋ ᠨᠠᠷᠢᠨ ᠬᠢᠨᠠᠮᠠᠭᠠᠢ ᠭᠦᠢᠴᠡᠳᠬᠡᠵᠤ ᠶᠠᠪᠤᠳᠠᠭ ᠢᠶᠠᠷ ᠳᠠᠶᠠᠭᠠᠷ ᠤᠯᠠᠨ ᠤ ᠰᠠᠶᠢᠨ ᠦᠨᠡᠯᠡᠯᠲᠡ ᠶᠢ ᠤᠯᠵᠤ᠂ ᠤᠷᠢᠳ ᠬᠤᠵᠢᠳ ︽ᠰᠢᠯᠢᠳᠡᠭ ᠡᠪ ᠬᠠᠮᠲᠤ ᠨᠠᠮ ᠤᠨ ᠬᠡᠰᠢᠭᠦᠨ︾᠂ ︽ᠰᠢᠯᠢᠳᠡᠭ ᠨᠠᠮ ᠎ ᠤᠨ ᠠᠵᠢᠯᠲᠠᠨ︾᠂ ︽ᠪᠦᠬᠦ ᠬᠤᠰᠢᠭᠤᠨ ᠤ ᠬᠠᠮᠤᠭ ᠤᠨ ᠭᠤᠶᠤ ᠰᠠᠶᠢᠨ ᠳᠤᠷ᠎ᠠ ᠶᠢᠨ ᠦᠢᠯᠡᠴᠢᠯᠡᠭᠴᠢ︾ ᠵᠡᠷᠭᠡ ᠢᠷᠠᠭᠤ ᠠᠯᠳᠠᠷ ᠢ ᠬᠦᠷᠲᠡᠭᠰᠡᠨ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠬᠤᠭᠤᠷᠤᠨᠳᠤᠬᠢ ᠰᠤᠯᠢᠯᠴᠠᠭ᠎ᠠ ᠶᠠᠪᠤᠯᠴᠠᠭ᠎ᠠ ᠪᠤᠯᠤᠨ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠤ᠂ ᠬᠠᠮᠲᠤ ᠎ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠨᠳᠢᠨ ᠨᠡᠶᠢᠬᠡᠮ ᠲᠤᠭᠤᠷᠢᠭ ᠢ ︽ᠠᠨᠠᠷ ᠤᠨ ᠦᠷ᠎ᠡ ᠶᠢᠨ ᠨᠡᠶᠢᠬᠡᠮ ᠲᠤᠭᠤᠷᠢᠭ︾ ᠪᠤᠯᠭᠠᠨ ᠬᠦᠴᠦᠯᠡᠨ ᠪᠠᠶᠢᠭᠤᠯᠵᠤ᠂ ᠨᠠᠨᠳᠢᠨ ᠨᠡᠶᠢᠬᠡᠮ ᠲᠤᠭᠤᠷᠢᠭ ᠤᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠥᠯᠥᠭᠡ ᠴᠢᠷᠮᠠᠶᠢᠭᠰᠠᠭᠠᠷ ᠢᠷᠡᠵᠡᠢ᠃
微信图片_20240112103603.jpg
       ᠨᠠᠨᠳᠢᠨ ᠨᠡᠶᠢᠬᠡᠮ ᠲᠤᠭᠤᠷᠢᠭ ᠪᠤᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ᠂ ᠬᠦᠮᠦᠨ ᠠᠮᠠ ᠪᠠᠷ ᠤᠯᠠᠨ ᠨᠡᠶᠢᠬᠡᠮ ᠲᠤᠭᠤᠷᠢᠭ ᠪᠤᠯᠤᠨ᠎ᠠ᠃ ᠭᠠᠨᠳᠢᠭ ᠲᠤᠰ ᠨᠡᠶᠢᠬᠡᠮ ᠲᠤᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠬᠦᠴᠢᠷ ᠵᠤᠪᠠᠯᠠᠩ ᠢ ᠲᠤᠭᠤᠯᠵᠤ ᠭᠠᠷᠤᠭᠰᠠᠨ ᠠᠴᠠ ᠪᠢᠰᠢ ᠲᠤᠭᠤᠷᠢᠵᠤ ᠶᠡᠷᠦ ᠥᠩᠭᠡᠷᠡᠭᠡ ᠦᠭᠡᠢ᠃ ᠲᠡᠷᠡ ᠴᠠᠭ ᠢᠮᠠᠭᠲᠠ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠯᠠᠪᠳᠠᠭᠤᠨ ᠪᠠᠲᠤᠲᠠᠢ ᠠᠵᠢᠯᠯᠠᠨ᠂ ᠥᠪᠡᠷ ᠤᠨ ᠤᠶᠤᠨ ᠴᠢᠳᠠᠯ ᠪᠠ ᠬᠠᠯᠠᠭᠤᠨ ᠰᠡᠳᠬᠢᠯᠭᠡ ᠪᠠᠷ ᠨᠡᠶᠢᠬᠡᠮ ᠲᠤᠭᠤᠷᠢᠭ ᠲᠤ ᠪᠤᠳᠠᠲᠠᠢ ᠠᠵᠢᠯ ᠬᠢᠵᠤ᠂ ᠰᠠᠭᠤᠭᠠᠯᠢ ᠠᠷᠠᠳ ᠲᠤ ᠰᠠᠶᠢᠨ ᠶᠠᠪᠤᠳᠠᠯ ᠢ ᠬᠢᠭᠰᠡᠭᠡᠷ ᠢᠷᠡᠪᠡ᠃ ᠬᠢᠵᠢᠭ ᠲᠠᠬᠤᠯ ᠤᠨ ᠪᠠᠴᠢᠮ ᠪᠠᠶᠢᠳᠠᠯ ᠳᠤ ᠲᠡᠷᠡ ᠨᠠᠮ ᠤᠨ ᠬᠡᠰᠢᠭᠦᠨ ᠪᠤᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠤᠬᠢᠶᠠᠨ ᠪᠠᠶᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠳᠥᠪᠰᠢᠨ᠂ ᠡᠷᠡᠭᠦᠯ ᠡᠩᠬᠡ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠬᠠᠷᠠᠮ ᠦᠭᠡᠢ ᠵᠤᠷᠢᠭᠤᠯᠪᠠ᠃ ᠲᠡᠷᠡ ᠪᠠᠰᠠ ᠨᠠᠨᠳᠢᠨ ᠨᠡᠶᠢᠬᠡᠮ ᠲᠤᠭᠤᠷᠢᠭ ᠤᠨ ᠬᠠᠷᠢᠶ᠎ᠠ ᠤᠷᠤᠨ ᠤ 34 ᠰᠠᠭᠤᠭᠠᠯᠢ ᠠᠷᠠᠳ ᠤᠨ ᠲᠤᠭᠤᠷᠢᠭ ᠢ ᠥᠭᠡᠷᠡᠴᠢᠯᠡᠨ ᠵᠠᠰᠠᠵᠤ᠂ 9000 ᠭᠠᠷᠤᠢ ᠳᠡᠭᠰᠢ ᠳᠥᠷᠪᠡᠯᠵᠢᠨ ᠮᠧᠲᠷ ᠭᠠᠵᠠᠷ ᠢ ᠬᠠᠳᠠᠭᠤᠲᠠᠭᠤᠯᠤᠨ᠂ ᠵᠠᠮ ᠤᠨ ᠭᠡᠷᠡᠯᠳᠦᠭᠦᠯᠭᠡ ᠳ᠋ᠧᠩ 288᠂ ᠴᠠᠬᠢᠯᠭᠠᠨ ᠴᠡᠨᠡᠭᠯᠡᠬᠦ ᠪᠠᠭᠠᠨ᠎ᠠ ᠶᠢ 20 ᠤᠭᠰᠠᠷᠠᠭᠤᠯᠵᠤ᠂ ᠰᠢᠨ᠎ᠡ ᠪᠠᠷ 300 ᠮᠧᠲᠷ ᠤᠨ ᠵᠠᠮ ᠳᠡᠪᠢᠰᠪᠡ᠃ ᠷᠧᠨ ᠽᠧ᠂ ᠮᠢᠩ ᠶᠢᠦ᠂ ᠶᠤᠸᠠᠢ ᠰᠢᠨ ᠶᠤᠸᠠᠨ ᠵᠡᠷᠭᠡ ᠰᠠᠭᠤᠭᠠᠯᠢ ᠠᠷᠠᠳ ᠤᠨ ᠲᠤᠭᠤᠷᠢᠭ ᠎ ᠤᠨ ᠬᠡᠷᠡᠮ ᠢ ᠳᠠᠬᠢᠨ ᠰᠢᠷᠲᠡᠵᠤ ᠰᠢᠨᠡᠳᠬᠡᠨ᠂ ᠰᠠᠭᠠᠳ ᠦᠭᠡᠢ ᠨᠡᠪᠲᠡᠷᠡᠬᠦ ᠵᠠᠮ᠂ ᠰᠠᠭᠤᠭᠠᠯᠢ ᠠᠷᠠᠳ ᠤᠨ ᠲᠤᠭᠤᠷᠢᠭ ᠤᠨ ᠬᠦᠷᠢᠶᠡᠨ ᠳᠤ ᠰᠢᠷᠡᠭᠡ ᠰᠠᠨᠳᠠᠯᠢ ᠤᠭᠰᠠᠷᠠᠵᠤ ᠨᠠᠰᠤᠲᠠᠶᠢᠴᠤᠳ ᠤᠨ ᠠᠮᠠᠷᠠᠬᠤ ᠳᠤ ᠳᠥᠬᠦᠮ ᠦᠵᠡᠭᠦᠯᠪᠡ᠃ ᠲᠡᠷᠡ ︽ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠥᠮᠡᠨ ᠳᠤ ᠦᠢᠯᠡᠴᠢᠯᠡᠬᠦ︾ ᠎ ᠪᠠᠷ ᠪᠡᠶ᠎ᠡ ᠪᠠᠨ ᠢᠮᠠᠭᠲᠠ ᠱᠠᠭᠠᠷᠳᠠᠵᠤ᠂ ᠤᠯᠠᠨ ᠲᠦᠮᠡᠨ ᠢ ᠢᠯᠡᠭᠦᠬᠡᠨ ᠪᠤᠳᠤᠯᠬᠢᠯᠠᠨ᠂ ᠤᠯᠠᠨ ᠲᠦᠮᠡᠨ ᠤ ᠰᠠᠨᠠᠯ ᠢ ᠢᠯᠡᠭᠦᠬᠡᠨ ᠰᠤᠨᠤᠰᠴᠦ᠂ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠢ ᠢᠯᠡᠭᠦᠬᠡᠨ ᠬᠢᠬᠦ ᠶᠢ ᠡᠳᠦᠷ ᠳᠤᠲᠤᠮ ᠤᠨ ᠠᠵᠢᠯ ᠢᠶᠠᠨ ᠪᠤᠯᠭᠠᠳᠠᠭ ᠪᠠᠶᠢᠨ᠎ᠠ᠃ ᠦᠦᠰᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠰᠢᠶᠤᠤ ᠯᠢ ᠶᠢᠨ ᠠᠪᠤ ᠡᠵᠢ ᠨᠢ ᠵᠡᠮᠳᠡᠭ᠂ ᠬᠥᠳᠡᠯᠮᠦᠷᠢᠯᠡᠬᠦ  ᠴᠢᠳᠠᠪᠤᠷᠢ ᠪᠠᠭᠤᠷᠠᠢ ᠪᠤᠯᠤᠭᠰᠠᠨ ᠠᠴᠠ ᠭᠡᠷ ᠪᠦᠯᠢ ᠶᠢᠨ ᠤᠷᠤᠯᠭ᠎ᠠ ᠮᠠᠰᠢ ᠳᠤᠤᠷ᠎ᠠ ᠪᠠᠶᠢᠪᠠ᠃ ᠭᠠᠨᠳᠢᠭ ᠡᠨᠡ ᠬᠦ ᠪᠠᠶᠢᠳᠠᠯ ᠢ ᠤᠶᠢᠯᠭᠠᠭᠰᠠᠨ ᠤ ᠳᠠᠷᠠᠭ᠎ᠠ ᠰᠢᠶᠤᠤ ᠯᠢ ᠳᠤ ᠳᠡᠳᠬᠦᠮᠵᠢ ᠶᠢᠨ ᠮᠥᠩᠬᠦ ᠭᠤᠶᠤᠴᠢᠯᠠᠵᠤ ᠥᠭᠪᠡ᠃ ᠬᠡᠳᠦᠶᠢᠪᠡᠷ ᠳᠡᠳᠬᠦᠮᠵᠢ ᠶᠢᠨ ᠮᠥᠩᠬᠦ ᠲᠡᠶᠢᠮᠦ ᠠᠷᠪᠢᠨ ᠪᠢᠰᠢ ᠪᠤᠯᠪᠠᠴᠦ ︽ᠳᠠᠭᠠᠷᠠᠭᠰᠠᠨ ᠬᠦᠮᠦᠨ ᠳᠤ ᠲᠠᠬᠤ ᠬᠦᠷᠭᠡᠨ᠎ᠡ︾ ᠬᠡᠳᠡᠭᠴᠢᠯᠡᠨ ᠰᠢᠶᠤᠤ ᠯᠢ ᠶᠢᠨ ᠭᠡᠷ ᠎ ᠤᠨ ᠬᠦᠮᠦᠰ ᠤᠨ ᠰᠡᠳᠬᠢᠯ ᠢ ᠳᠤᠯᠠᠭᠠᠴᠠᠭᠤᠯᠵᠤ᠂ ᠳᠡᠳᠡᠨ ᠳᠤ ᠮᠠᠰᠢ ᠶᠡᠭᠡ ᠤᠶᠤᠨ ᠰᠠᠨᠠᠭᠠᠨ ᠤ ᠵᠤᠷᠢᠭᠵᠢᠭᠤᠯᠤᠯ ᠥᠭᠭᠦᠭᠰᠡᠨ ᠪᠠᠶᠢᠨ᠎ᠠ᠃
微信图片_20240112103621.jpg
       ᠭᠠᠨᠳᠢᠭ ᠪᠤᠯ ᠳᠠᠷᠤᠢ ᠡᠶᠢᠮᠦᠷᠬᠦᠦ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠬᠦ᠂ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠳᠡᠭ ᠵᠢᠷ ᠤᠨ ᠨᠠᠮ ᠤᠨ ᠬᠡᠰᠢᠭᠦᠨ ᠪᠤᠯᠤᠨ᠎ᠠ᠃ ᠲᠡᠷᠡ ᠪᠦᠬᠦ ᠬᠦᠴᠦ ᠬᠥᠳᠡᠯᠮᠦᠷᠢ ᠪᠠᠨ ᠨᠡᠶᠢᠬᠡᠮ ᠲᠤᠭᠤᠷᠢᠭ ᠤᠨ ᠬᠥᠭᠵᠢᠯᠲᠡ ᠳᠤ ᠵᠤᠷᠢᠭᠤᠯᠵᠤ᠂ ᠨᠠᠮ ᠎ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠴᠢᠩ ᠦᠨᠡᠨᠴᠢ ᠦᠢᠯᠡᠴᠢᠯᠡᠬᠦ ᠰᠡᠳᠬᠢᠯᠭᠡ ᠪᠠᠷ ᠦᠨᠳᠦᠰᠦᠳᠡᠨ ᠤ ᠪᠦᠯᠬᠦᠮᠳᠡᠯ ᠤᠨ ᠴᠡᠴᠡᠭ ᠢ ᠨᠠᠨᠳᠢᠨ ᠨᠡᠶᠢᠬᠡᠮ ᠲᠤᠭᠤᠷᠢᠭ ᠲᠤ ᠦᠨᠳᠦᠰᠦᠯᠡᠬᠦᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠴᠠᠭ ᠢᠮᠠᠭᠲᠠ ᠵᠤᠷᠢᠭᠤᠯᠬᠤ ᠳᠤ ᠢᠳᠡᠭᠡᠯ ᠳᠦᠭᠦᠷᠡᠩ ᠪᠠᠶᠢᠨ᠎ᠠ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ